ᠬᠠᠪᠤᠷ ᠤᠨ ᠤᠯᠠᠷᠢᠯ ᠪᠣᠯ ᠠᠮᠢᠲᠠᠨ ᠤ ᠬᠢᠵᠢᠭ ᠡᠪᠡᠳᠴᠢᠨ ᠠᠮᠠᠷᠬᠠᠨ ᠡᠭᠦᠰᠳᠡᠭ ᠪᠥᠭᠡᠳ ᠣᠯᠠᠨ ᠡᠭᠦᠰᠳᠡᠭ ᠬᠤᠭᠤᠴᠠᠭ᠎ᠠ ᠮᠥᠨ᠂ ᠪᠠᠰᠠ ᠴᠤ ᠠᠮᠢᠲᠠᠨ ᠤ | ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠵᠠᠩᠭᠢᠯᠠᠭ᠎ᠠ ᠶᠢᠨ ᠴᠠᠭ ᠮᠥᠨ᠃ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠪᠦᠲᠦᠮᠵᠢᠲᠡᠢ ᠰᠡᠷᠭᠡᠶᠢᠯᠡᠨ | ᠬᠤᠷᠢᠭᠯᠠᠵᠤ᠂ ᠮᠠᠯ ᠠᠵᠤ ᠠᠬᠤᠢ ᠶᠢᠨ ᠡᠷᠡᠭᠦᠯ ᠬᠥᠭᠵᠢᠯᠲᠡ ᠶᠢ ᠪᠠᠲᠤᠯᠠᠬᠤ ᠶᠢᠨ ᠲᠥᠯᠥᠭᠡ᠂ ᠴᠢ ᠫᠠᠨ ᠵᠢᠩ ᠪᠠᠯᠭᠠᠰᠤ ᠡᠷᠲᠡ ᠠᠴᠠ ᠪᠠᠶᠢᠷᠢᠯᠠᠭᠤᠯᠬᠤ᠂ ᠴᠢᠩᠭ᠎ᠠ | ᠨᠠᠶᠢᠳᠠᠪᠤᠷᠢᠵᠢᠭᠤᠯᠬᠤ᠂ ᠪᠦᠬᠦᠨ ᠢ ᠬᠠᠮᠤᠷᠬᠤ ᠵᠠᠷᠴᠢᠮ ᠢ ᠪᠠᠷᠢᠮᠲᠠᠯᠠᠵᠤ᠂ ᠬᠢᠵᠢᠭ ᠢ ᠰᠡᠷᠭᠡᠶᠢᠯᠡᠬᠦ ᠴᠢᠬᠤᠯᠠ ᠬᠤᠭᠤᠴᠠᠭ᠎ᠠ ᠶᠢ ᠵᠠᠪᠳᠤᠨ᠂ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠠᠬᠢᠭᠤᠯᠤᠨ᠂ ᠠᠮᠢᠲᠠᠨ ᠤ ᠬᠢᠵᠢᠭ ᠡᠪᠡᠳᠴᠢᠨ ᠤ ︽ | ᠰᠡᠷᠭᠡᠶᠢᠯᠡᠯᠲᠡ ᠶᠢᠨ ᠲᠣᠣᠷ︾ ᠢ ᠨᠢᠭᠲᠠ ᠪᠥᠭᠡᠳ ᠪᠠᠲᠤ ᠰᠦᠯᠵᠢᠪᠡ᠃ | ᠲᠤᠰᠬᠠᠢ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠬᠢᠵᠢᠭ ᠢ ᠰᠡᠷᠭᠡᠶᠢᠯᠡᠬᠦ ᠰᠠᠭᠤᠷᠢ ᠶᠢ ᠪᠠᠬᠢᠵᠢᠭᠦᠯᠪᠡ | ᠪᠠᠯᠭᠠᠰᠤᠨ ᠤ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠨ ᠵᠣᠬᠢᠴᠠᠭᠤᠯᠵᠤ ᠬᠥᠭᠵᠢᠭᠦᠯᠬᠦ ᠲᠥᠪ ᠠᠴᠠ ᠮᠡᠷᠭᠡᠵᠢᠯ ᠤᠨ ᠭᠤᠣᠯᠯᠠᠭᠴᠢ ᠬᠦᠴᠦᠨ ᠢ | ᠰᠣᠩᠭᠤᠵᠤ᠂ ᠭᠠᠴᠠᠭ᠎ᠠ ᠲᠣᠰᠬᠤᠨ ᠤ ᠱᠠᠲᠤᠨ ᠤ ᠬᠢᠵᠢᠭ ᠰᠡᠷᠭᠡᠶᠢᠯᠡᠬᠦ ᠬᠦᠴᠦᠨ ᠢ ᠪᠦᠷᠢᠯᠳᠦᠭᠦᠯᠦᠨ᠂ ︽ᠲᠤᠰᠬᠠᠢ ᠮᠡᠷᠭᠡᠵᠢᠯᠲᠡᠨ + ᠭᠠᠴᠠᠭ᠎ᠠ ᠲᠣᠰᠬᠤᠨ ᠤ | ᠱᠠᠲᠤᠨ ᠤ ᠬᠢᠵᠢᠭ ᠰᠡᠷᠭᠡᠶᠢᠯᠡᠬᠦ ᠠᠵᠢᠯᠲᠠᠨ︾ ᠤ 28 ᠬᠦᠮᠦᠨ ᠢᠶᠠᠷ ᠪᠦᠷᠢᠯᠳᠦᠭᠰᠡᠨ ᠬᠠᠮᠲᠤᠷᠠᠭᠰᠠᠨ ᠠᠵᠢᠯᠯᠠᠬᠤ ᠠᠩᠭᠢ ᠶᠢ ᠪᠠᠶᠢᠭᠤᠯᠵᠤ᠂ ᠬᠠᠷᠢᠭᠤᠴᠠᠯᠭᠠᠲᠤ | ᠲᠣᠭᠤᠷᠢᠭ ᠪᠣᠯᠣᠨ ᠠᠵᠢᠯ ᠤᠨ ᠨᠠᠷᠢᠨ ᠲᠠᠩᠰᠠ ᠶᠢ ᠲᠣᠳᠣᠷᠬᠠᠶᠢᠯᠠᠪᠠ᠃ ᠲᠥᠪᠯᠡᠷᠡᠩᠭᠦᠢ ᠪᠣᠯᠪᠠᠰᠤᠷᠠᠯ ᠢᠶᠠᠷ ᠳᠠᠮᠵᠢᠭᠤᠯᠤᠨ᠂ ᠸᠠᠺᠼᠢᠨ ᠤ ᠲᠠᠷᠢᠯᠭ᠎ᠠ ᠬᠢᠬᠦ᠂ | ᠬᠢᠵᠢᠭ ᠤᠨ ᠪᠠᠶᠢᠳᠠᠯ ᠢ ᠳᠠᠷᠠᠭᠠᠯᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠤᠷ᠎ᠠ ᠴᠢᠳᠠᠪᠤᠷᠢ ᠶᠢ ᠭᠤᠣᠯᠳᠠᠯᠭ᠎ᠠ ᠲᠠᠢ | ᠳᠡᠭᠡᠭᠰᠢᠯᠡᠭᠦᠯᠵᠦ᠂ ᠣᠲᠣ ᠪᠣᠯᠲᠠᠯ᠎ᠠ᠂ ᠬᠢᠵᠢᠭ ᠰᠡᠷᠭᠡᠶᠢᠯᠡᠬᠦ ᠮᠡᠷᠭᠡᠵᠢᠯ ᠤᠨ ᠪᠣᠯᠪᠠᠰᠤᠷᠠᠯ ᠢ ᠨᠡᠶᠢᠲᠡ 3 ᠤᠳᠠᠭ᠎ᠠ ᠡᠷᠬᠢᠯᠡᠵᠦ᠂ ᠬᠢᠵᠢᠭ ᠰᠡᠷᠭᠡᠶᠢᠯᠡᠬᠦ ᠠᠵᠢᠯ ᠤᠨ | ᠵᠢᠷᠤᠮᠵᠢᠯ ᠲᠠᠢ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠪᠠ᠃ | ᠥᠯᠥ ᠬᠠᠯᠳᠠᠭᠠᠬᠤ ᠲᠠᠷᠢᠯᠭ᠎ᠠ ᠶᠢ ᠴᠢᠩᠭ᠎ᠠ ᠠᠳᠬᠤᠵᠤ᠂ ᠬᠢᠵᠢᠭ ᠢ ᠰᠡᠷᠭᠡᠶᠢᠯᠡᠬᠦ ᠬᠠᠯᠬᠠᠪᠴᠢ ᠶᠢ ᠪᠠᠬᠢᠵᠢᠭᠦᠯᠪᠡ | ︽ᠪᠠᠯᠭᠠᠰᠤ ᠠᠴᠠ ᠭᠠᠴᠠᠭ᠎ᠠ ᠲᠣᠰᠬᠤᠨ ᠢ ᠣᠷᠬᠢᠭᠳᠠᠭᠤᠯᠬᠤ ᠦᠭᠡᠢ᠂ ᠭᠠᠴᠠᠭ᠎ᠠ ᠲᠣᠰᠬᠤᠨ ᠡᠷᠥᠭᠡ ᠶᠢ ᠣᠷᠬᠢᠭᠳᠠᠭᠤᠯᠬᠤ ᠦᠭᠡᠢ᠂ ᠡᠷᠥᠭᠡ ᠠᠴᠠ ᠮᠠᠯ ᠢ | ᠣᠷᠬᠢᠭᠳᠠᠭᠤᠯᠬᠤ ᠦᠭᠡᠢ᠂ ᠮᠠᠯ ᠳᠤ ᠲᠠᠷᠢᠯᠭ᠎ᠠ ᠶᠢ ᠣᠷᠬᠢᠭᠳᠠᠭᠤᠯᠬᠤ ᠦᠭᠡᠢ︾ ᠪᠠᠶᠢᠯᠭᠠᠬᠤ ᠵᠠᠷᠴᠢᠮ ᠶᠣᠰᠣᠭᠠᠷ᠂ ᠪᠥᠬᠦ ᠪᠠᠯᠭᠠᠰᠤᠨ ᠤ ᠦᠬᠡᠷ᠂ ᠢᠮᠠᠭ᠎ᠠ ᠬᠤᠨᠢ᠂ | ᠭᠠᠭ᠋ᠠᠢ᠂ ᠵᠢᠭᠦᠷᠲᠡᠨ ᠵᠡᠷᠭᠡ ᠳᠤ ᠠᠯᠪᠠᠳᠠᠯᠭ᠎ᠠ ᠪᠠᠷ ᠰᠢᠯᠦᠬᠡᠢ ᠡᠪᠡᠳᠴᠢᠨ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠬᠡᠪᠢᠬᠦ | ᠮᠠᠯ ᠤᠨ ᠬᠢᠵᠢᠭ ᠵᠡᠷᠭᠡ ᠬᠦᠨᠳᠦ ᠶᠡᠭᠡ ᠬᠢᠵᠢᠭ ᠡᠪᠡᠳᠴᠢᠨ ᠤ ᠥᠯᠥ ᠬᠠᠯᠳᠠᠭᠠᠬᠤ ᠲᠠᠷᠢᠯᠭ᠎ᠠ ᠲᠠᠷᠢᠪᠠ᠃ ᠬᠥᠳᠡᠯᠦᠩᠭᠦᠢ ᠥᠯᠥ ᠬᠠᠯᠳᠠᠭᠠᠬᠤ ᠲᠠᠷᠢᠯᠭ᠎ᠠ ᠶᠢᠨ | ᠲᠠᠩᠰᠠ ᠪᠠᠶᠢᠭᠤᠯᠵᠤ᠂ ᠠᠮᠢᠲᠠᠨ ᠤ ᠥᠯᠥ ᠬᠠᠯᠳᠠᠭᠠᠬᠤ ᠲᠠᠷᠢᠯᠭ᠎ᠠ ᠶᠢᠨ ᠮᠡᠳᠡᠭᠡ ᠵᠠᠩᠭᠢ ᠶᠢ ᠨᠠᠷᠢᠨ ᠲᠡᠮᠳᠡᠭᠯᠡᠨ᠂ ᠰᠦᠷᠦᠭ ᠢᠶᠠᠷ ᠥᠯᠥ ᠬᠠᠯᠳᠠᠭᠠᠬᠤ ᠲᠠᠷᠢᠯᠭ᠎ᠠ | ᠲᠠᠷᠢᠬᠤ ᠨᠣᠷᠮ᠎ᠠ ᠶᠢ 100% ᠳᠤ ᠬᠦᠷᠭᠡᠪᠡ᠃ ᠣᠳᠣᠬᠠᠨ ᠪᠣᠯᠲᠠᠯ᠎ᠠ᠂ ᠨᠡᠶᠢᠲᠡ 36 ᠲᠦᠮᠡᠨ ᠬᠤᠨᠢ ᠢᠮᠠᠭ᠎ᠠ ᠳᠤ ᠰᠢᠯᠦᠬᠡᠢ ᠡᠪᠡᠳᠴᠢᠨ ᠤ ᠬᠢᠵᠢᠭ ᠤᠨ | ᠲᠠᠷᠢᠯᠭ᠎ᠠ᠂ 8 ᠲᠦᠮᠡᠨ ᠬᠤᠨᠢ ᠢᠮᠠᠭ᠎ᠠ ᠳᠤ ᠬᠡᠪᠢᠬᠦ ᠮᠠᠯ ᠤᠨ ᠬᠢᠵᠢᠭ ᠤᠨ ᠲᠠᠷᠢᠯᠭ᠎ᠠ ᠲᠠᠷᠢᠵᠤ᠂ 7000 ᠭᠠᠷᠤᠢ ᠦᠬᠡᠷ ᠳᠤ ᠰᠢᠯᠦᠬᠡᠢ ᠡᠪᠡᠳᠴᠢᠨ ᠤ ᠲᠠᠷᠢᠯᠭ᠎ᠠ | ᠲᠠᠷᠢᠪᠠ᠃ | ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠰᠡᠷᠭᠡᠶᠢᠯᠡᠨ ᠬᠤᠷᠢᠭᠯᠠᠬᠤ ᠤᠬᠠᠮᠰᠠᠷ ᠢ ᠳᠡᠭᠡᠭᠰᠢᠯᠡᠭᠦᠯᠪᠡ | ᠬᠤᠯᠤᠭᠠᠨ᠎ᠠ ᠶᠢᠨ ᠬᠢᠵᠢᠭ᠂ ᠪᠷᠦ᠋ᠼᠧᠯ ᠡᠪᠡᠳᠴᠢᠨ ᠵᠡᠷᠭᠡ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ | ᠬᠢᠵᠢᠭ ᠰᠡᠷᠭᠡᠶᠢᠯᠡᠬᠦ ᠠᠵᠢᠯ ᠤᠨ ᠠᠩᠭᠢ ᠶᠢᠨ ᠬᠢᠨ ᠡᠯ᠎ᠡ ᠭᠠᠴᠠᠭ᠎ᠠ ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠳᠤ ᠬᠦᠷᠴᠦ᠂ ︽ᠡᠮ ᠬᠦᠷᠭᠡᠬᠦ + ᠮᠡᠳᠡᠯᠭᠡ | ᠬᠦᠷᠭᠡᠬᠦ︾ ᠠᠵᠢᠯᠯᠠᠭ᠎ᠠ ᠶᠢ ᠥᠷᠨᠢᠭᠦᠯᠪᠡ᠃ ᠮᠠᠯᠴᠢᠨ ᠲᠠᠷᠢᠶᠠᠴᠢᠳ ᠲᠤ ᠪᠷᠦ᠋ᠼᠧᠯ ᠡᠪᠡᠳᠴᠢᠨ ᠢ ᠰᠡᠷᠭᠡᠶᠢᠯᠡᠬᠦ ᠡᠮ ᠢ 1000 ᠭᠠᠷᠤᠢ ᠬᠤᠪᠢ᠂ ᠬᠤᠯᠤᠭᠠᠨ᠎ᠠ ᠶᠢᠨ | ᠬᠢᠵᠢᠭ ᠢ ᠰᠡᠷᠭᠡᠶᠢᠯᠡᠬᠦ ᠡᠮ ᠢ 400 ᠭᠠᠷᠤᠢ ᠥᠭᠴᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠪᠣᠯᠪᠠᠰᠤᠷᠠᠯ ᠤᠨ ᠤᠬᠠᠭᠤᠯᠭ᠎ᠠ ᠶᠢᠨ ᠭᠠᠷ | ᠳᠡᠪᠲᠡᠷ ᠢ ᠲᠠᠷᠬᠠᠭᠠᠪᠠ᠃ ᠡᠭᠦᠨ ᠤ ᠬᠠᠮᠲᠤ᠂ ᠭᠠᠴᠠᠭ᠎ᠠ ᠲᠣᠰᠬᠤᠨ ᠤ ᠷᠠᠳᠢᠣ᠋ ᠨᠡᠪᠲᠡᠷᠡᠭᠦᠯᠭᠡ᠂ ᠸᠢᠴᠠᠲ ᠤᠨ ᠬᠤᠯᠪᠣᠭ᠎ᠠ ᠵᠡᠷᠭᠡ ᠠᠷᠭ᠎ᠠ ᠵᠠᠮ ᠢᠶᠠᠷ ᠬᠤᠯᠤᠭᠠᠨ᠎ᠠ ᠶᠢᠨ | ᠬᠢᠵᠢᠭ ᠤᠨ ᠬᠠᠯᠳᠠᠪᠤᠷᠢᠯᠠᠬᠤ ᠠᠷᠭ᠎ᠠ ᠵᠠᠮ᠂ ᠡᠪᠡᠳᠴᠢᠨ ᠤ ᠪᠠᠶᠢᠳᠠᠯ ᠢ ᠢᠯᠭᠠᠨ ᠲᠠᠨᠢᠬᠤ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠶᠢ | ᠲᠦᠭᠡᠮᠡᠯᠵᠢᠭᠦᠯᠦᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠡᠷᠭᠢᠨ ᠲᠣᠭᠤᠷᠢᠨ ᠳᠠᠬᠢ ᠬᠤᠯᠤᠭᠠᠨ᠎ᠠ ᠶᠢ ᠤᠰᠠᠳᠬᠠᠬᠤ᠂ ᠬᠤᠯᠤᠭᠠᠨ᠎ᠠ ᠶᠢᠨ ᠬᠢᠵᠢᠭ ᠢ | ᠰᠡᠷᠭᠡᠶᠢᠯᠡᠬᠦ ᠠᠵᠢᠯ ᠢ ᠰᠠᠶᠢᠲᠤᠷ ᠬᠢᠪᠡ᠃ | ᠣᠳᠣᠬᠠᠨ ᠳᠤ᠂ ᠪᠥᠬᠦ ᠪᠠᠯᠭᠠᠰᠤᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠂ | ︽ᠥᠯᠥ ᠬᠠᠯᠳᠠᠭᠠᠬᠤ ᠲᠠᠷᠢᠯᠭ᠎ᠠ ᠲᠠᠷᠢᠬᠤ + ᠤᠬᠠᠭᠤᠯᠬᠤ + ᠰᠡᠷᠭᠡᠶᠢᠯᠡᠬᠦ︾ ᠭᠤᠷᠪᠠ ᠶᠢ ᠨᠢᠭᠡ ᠴᠣᠭᠴᠠᠵᠢᠭᠤᠯᠤᠭᠰᠠᠨ ᠰᠡᠷᠭᠡᠶᠢᠯᠡᠨ ᠬᠤᠷᠢᠭᠯᠠᠬᠤ ᠵᠠᠭᠪᠤᠷ ᠢᠶᠠᠷ | ᠳᠠᠮᠵᠢᠭᠤᠯᠤᠨ᠂ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠮᠡᠷᠭᠡᠵᠢᠯ ᠤᠨ ᠵᠢᠯᠣᠭᠤᠳᠤᠯᠭ᠎ᠠ ᠶᠢ ᠪᠠᠲᠤᠯᠠᠨ᠂ ᠡᠳ᠋ ᠪᠣᠳᠠᠰ ᠤᠨ ᠪᠠᠲᠤᠯᠠᠭ᠎ᠠ ᠶᠢ | ᠴᠢᠩᠭᠠᠳᠬᠠᠵᠤ᠂ ᠪᠥᠬᠦ ᠵᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠬᠢᠭᠡᠳ ᠣᠯᠠᠨ ᠲᠦᠮᠡᠨ ᠤ ᠡᠷᠡᠭᠦᠯ | ᠮᠡᠨᠳᠦ ᠠᠮᠤᠷ ᠲᠦᠪᠰᠢᠨ ᠢ ᠬᠠᠮᠠᠭᠠᠯᠠᠬᠤ ᠳᠤ ᠪᠠᠲᠤ ᠰᠠᠭᠤᠷᠢ ᠲᠠᠯᠪᠢᠪᠠ᠃ | |