ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠬᠤᠭᠤᠴᠠᠭ᠎ᠠ ᠬᠦᠷᠴᠦ ᠢᠷᠡᠬᠦ ᠳᠤ ᠮᠸᠡᠭ ᠰᠢ ᠪᠠᠯᠭᠠᠰᠤ ᠶᠢᠨ ᠬᠢᠨ ᠡᠷᠲᠡ ᠠᠴᠠ | ᠠᠳᠬᠤᠵᠤ᠂ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠥᠭᠡᠷᠡᠴᠢᠯᠡᠯᠲᠡ ᠪᠠᠷ ᠭᠠᠷᠳᠠᠴᠠ ᠪᠣᠯᠭᠠᠨ᠂ ︽ | ᠡᠷᠲᠡ ᠠᠴᠠ ᠪᠠᠶᠢᠷᠢᠯᠠᠭᠤᠯᠬᠤ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ᠂ ᠲᠠᠷᠢᠶᠠᠯᠠᠩ ᠤᠨ ᠵᠠᠩᠭᠢᠯᠠᠭ᠎ᠠ ᠶᠢᠨ ᠴᠠᠭ ᠢ ᠵᠠᠪᠳᠤᠬᠤ︾ ᠠᠵᠢᠯ ᠤᠨ ᠭᠤᠣᠯ ᠰᠢᠵᠢᠮ ᠢ | ᠴᠢᠩᠭ᠎ᠠ ᠡᠵᠡᠮᠳᠡᠵᠦ᠂ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠬᠥᠭᠵᠢᠭᠡᠨ᠂ ᠡᠬᠢ ᠪᠠᠶᠠᠯᠢᠭ ᠢ | ᠨᠡᠶᠢᠯᠡᠭᠦᠯᠬᠦ ᠪᠠᠷ ᠬᠥᠭᠵᠢᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠲᠠᠷᠢᠶᠠᠯᠠᠩ ᠤᠨ ᠤᠨᠠᠯᠲᠠ ᠶᠢ ᠲᠣᠭᠲᠠᠪᠤᠷᠢᠵᠢᠭᠤᠯᠤᠨ ᠨᠡᠮᠡᠭᠳᠡᠭᠦᠯᠬᠦ᠂ | ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠨᠡᠮᠡᠭᠳᠡᠭᠦᠯᠬᠦ ᠳᠤ ᠪᠠᠲᠤ ᠰᠠᠭᠤᠷᠢ ᠶᠢ ᠲᠠᠯᠪᠢᠪᠠ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠪᠡ᠃ ᠮᠧᠩ ᠰᠢ ᠪᠠᠯᠭᠠᠰᠤ ︽ | ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠥᠭᠡᠷᠡᠴᠢᠯᠡᠯᠲᠡ ᠪᠠᠷ ᠲᠣᠬᠢᠶᠠᠯᠳᠤᠭᠤᠯᠵᠤ᠂ ︽ᠪᠠᠯᠭᠠᠰᠤ ᠠᠴᠠ | ᠨᠢᠭᠡᠳᠦᠯᠲᠡᠢ ᠲᠥᠯᠥᠪᠵᠢᠭᠦᠯᠬᠦ + ᠭᠠᠴᠠᠭ᠎ᠠ ᠲᠣᠰᠬᠤᠨ ᠨᠠᠶᠢᠳᠠᠪᠤᠷᠢᠵᠢᠭᠤᠯᠬᠤ + ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠬᠤᠯᠪᠤᠭᠠᠯᠠᠨ ᠬᠥᠳᠡᠯᠦᠯᠴᠡᠬᠦ︾ | ᠠᠵᠢᠯ ᠤᠨ ᠲᠣᠭᠲᠠᠯᠴᠠᠭ᠎ᠠ ᠶᠢ ᠪᠠᠶᠢᠭᠤᠯᠪᠠ᠃ ᠳᠣᠷᠣᠭᠰᠢ ᠪᠠᠭᠤᠵᠤ ᠠᠵᠢᠯᠯᠠᠬᠤ ᠠᠩᠭᠢ ᠪᠠᠶᠢᠭᠤᠯᠬᠤ ᠪᠠᠷ ᠳᠠᠮᠵᠢᠭᠤᠯᠤᠨ᠂ ᠮᠠᠯᠴᠢᠨ ᠲᠠᠷᠢᠶᠠᠴᠢᠳ ᠲᠤ ᠣᠶᠢᠲᠤ | ᠭᠠᠵᠠᠷ ᠪᠣᠯᠣᠨ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠥᠰᠥᠯ ᠵᠢᠴᠢ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ | ᠤᠰᠤᠨ ᠤ ᠵᠠᠷᠤᠳᠠᠯ ᠢ ᠲᠠᠲᠠᠪᠤᠷᠢᠯᠠᠨ ᠬᠠᠮᠢᠶᠠᠷᠬᠤ ᠠᠷᠭ᠎ᠠ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠢᠭᠤᠷᠲᠠᠨ ᠤᠬᠠᠭᠤᠯᠵᠤ᠂ ᠲᠠᠷᠢᠶᠠᠴᠢᠨ | ᠡᠷᠦᠬᠡ ᠶᠢᠨ ᠲᠠᠷᠢᠶᠠᠯᠠᠩ ᠤᠨ ᠠᠵᠢᠯᠯᠠᠭ᠎ᠠ ᠪᠠᠨ ᠵᠣᠬᠢᠰᠲᠠᠢ ᠲᠣᠬᠢᠷᠠᠭᠤᠯᠬᠤ ᠶᠢ ᠬᠥᠲᠥᠯᠥᠨ ᠵᠢᠯᠣᠭᠤᠳᠪᠠ᠃ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠬᠤ᠂ | ᠲᠥᠷᠥ ᠶᠢᠨ ᠪᠣᠳᠣᠯᠭ᠎ᠠ ᠶᠢ ᠤᠬᠠᠭᠤᠯᠬᠤ᠂ ᠠᠰᠠᠭᠤᠳᠠᠯ ᠢ ᠰᠢᠢᠳᠪᠦᠷᠢᠯᠡᠬᠦ ︽ᠭᠤᠷᠪᠠ ᠶᠢ ᠵᠡᠷᠭᠡᠪᠡᠷ ᠶᠠᠪᠤᠭᠳᠠᠭᠤᠯᠬᠤ︾ ᠶᠢ ᠪᠡᠶᠡᠯᠡᠭᠦᠯᠪᠡ᠃ ︽ᠪᠠᠯᠭᠠᠰᠤᠨ ᠤ | ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠥᠭᠡᠷᠡᠴᠢᠯᠡᠯᠲᠡ ᠶᠢᠨ ᠦᠷ᠎ᠡ ᠪᠦᠲᠦᠮᠵᠢ ᠨᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠤᠨ ᠬᠤᠷᠳᠤᠴᠠ ᠶᠢ ᠲᠦᠷᠭᠡᠳᠬᠡᠪᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠯᠠᠩ ᠢ ᠬᠦᠴᠦᠷᠬᠡᠭᠵᠢᠭᠦᠯᠵᠦ᠂ ᠦᠢᠯᠡᠳᠪᠦᠷᠢᠯᠡᠯ ᠤᠨ ︽ᠰᠢᠨ᠎ᠡ ᠬᠥᠳᠡᠯᠭᠡᠭᠦᠷ︾ ᠢ ᠬᠥᠭᠵᠢᠭᠡᠪᠡ᠃ | ᠲᠤᠰᠬᠠᠢ ᠮᠡᠷᠭᠡᠵᠢᠯ ᠤᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠠᠩᠭᠢ ᠶᠢ 2 ᠵᠣᠬᠢᠶᠠᠨ ᠪᠠᠶᠢᠭᠤᠯᠵᠤ᠂ 37 ᠲᠷᠠᠺᠲ᠋ᠣᠷ᠂ ᠦᠷ᠎ᠡ ᠰᠠᠴᠤᠬᠤ ᠮᠠᠰᠢᠨ᠂ | ᠪᠦᠷᠬᠦᠭᠦᠯ ᠪᠦᠷᠬᠦᠬᠦ ᠮᠠᠰᠢᠨ ᠵᠡᠷᠭᠡ ᠲᠥᠬᠦᠭᠡᠷᠦᠮᠵᠢ ᠶᠢ ᠪᠥᠬᠦ ᠲᠠᠯ᠎ᠠ ᠪᠠᠷ ᠪᠠᠶᠢᠴᠠᠭᠠᠨ ᠵᠠᠰᠠᠵᠤ ᠲᠤᠷᠰᠢᠨ᠂ ᠮᠠᠰᠢᠨᠴᠢᠯᠠᠬᠤ ᠠᠵᠢᠯ ᠢ ᠪᠡᠶᠡᠯᠡᠭᠦᠯᠪᠡ᠃ ᠲᠠᠷᠢᠶᠠᠯᠠᠩ ᠤᠨ | ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠦᠬᠦ ᠪᠠᠯᠭᠠᠰᠤᠨ ᠤ ᠬᠥᠭᠡᠷᠭᠡ ᠶᠢᠨ ᠦᠷᠳᠡᠭᠡ᠂ ᠤᠰᠤᠯᠠᠯᠲᠠ ᠶᠢᠨ ᠬᠤᠭᠤᠯᠠᠢ᠂ ᠮᠠᠰᠢᠨ ᠬᠤᠳᠳᠤᠭ ᠵᠡᠷᠭᠡ ᠶᠢ | ᠨᠠᠷᠢᠨ ᠪᠠᠶᠢᠴᠠᠭᠠᠵᠤ᠂ ᠣᠳᠣᠬᠠᠨ ᠳᠤ ᠲᠥᠬᠦᠭᠡᠷᠦᠮᠵᠢ ᠶᠢᠨ ᠪᠦᠷᠢᠨ ᠪᠦᠲᠦᠨ ᠪᠠᠶᠢᠬᠤ ᠨᠤᠷᠮ᠎ᠠ ᠶᠢ 100% ᠳᠤ ᠬᠦᠷᠭᠡᠨ᠂ ᠬᠠᠪᠤᠷ ᠤᠨ ᠲᠠᠷᠢᠶᠠᠯᠠᠭ᠎ᠠ ᠶᠢᠨ | ᠤᠰᠤᠯᠠᠯᠲᠠ ᠳᠤ ᠪᠠᠲᠤ ᠲᠤᠯᠭᠠᠭᠤᠷᠢᠯᠠᠯ ᠬᠠᠩᠭᠠᠪᠠ᠃ ᠮᠠᠰᠢᠨᠴᠢᠯᠠᠬᠤ ᠪᠣᠯᠣᠨ ᠣᠶᠤᠨᠴᠢᠯᠠᠬᠤ ᠶᠢ ᠵᠡᠷᠭᠡᠪᠡᠷ ᠠᠬᠢᠭᠤᠯᠵᠤ᠂ ᠲᠠᠷᠢᠶᠠᠯᠠᠩ ᠤᠨ ᠮᠠᠰᠢᠨ ᠤ ᠬᠠᠮᠤᠭ ᠤᠨ | ᠰᠠᠶᠢᠨ ᠪᠠᠶᠢᠳᠠᠯ ᠢᠶᠠᠷ ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠣᠷᠣᠯᠴᠠᠬᠤ ᠶᠢ ᠪᠠᠲᠤᠯᠠᠪᠠ᠃ | ᠪᠣᠬᠢᠷᠲᠤᠯ ᠦᠭᠡᠢ ᠪᠠᠷ ᠰᠠᠭᠤᠷᠢ ᠶᠢ ᠪᠠᠬᠢᠵᠢᠭᠦᠯᠵᠦ᠂ ᠠᠮᠢ ᠠᠬᠤᠢ ᠶᠢᠨ ︽ᠠᠮᠢᠨ ᠰᠤᠳᠠᠰᠤ︾ ᠶᠢ ᠰᠠᠬᠢᠨ ᠬᠠᠮᠠᠭᠠᠯᠠᠪᠠ᠃ ᠮᠧᠩ ᠰᠢ ᠪᠠᠯᠭᠠᠰᠤ ︽ᠠᠮᠢ | ᠠᠬᠤᠢ ᠶᠢ ᠠᠵᠤ ᠦᠶᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ︾ ᠠᠷᠭ᠎ᠠ ᠵᠠᠮ ᠢ ᠪᠠᠷᠢᠮᠲᠠᠯᠠᠨ᠂ 2.7 ᠲᠦᠮᠡᠨ ᠮᠦ ᠭᠤᠣᠯ ᠤᠨ ᠲᠠᠩ ᠭᠠᠵᠠᠷ ᠤᠨ | ᠪᠣᠶᠢᠷ ᠴᠠᠷᠭᠠᠰᠤ ᠶᠢᠨ ᠡᠪᠡᠰᠦ ᠵᠢᠴᠢ ᠮᠠᠯ ᠲᠡᠵᠢᠭᠡᠬᠦ ᠡᠪᠡᠰᠦ ᠶᠢ ᠪᠥᠬᠦ ᠣᠷᠣᠨ ᠪᠦᠰᠡ ᠶᠢᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠳᠤ ᠣᠷᠣᠭᠤᠯᠵᠤ᠂ ᠤᠰᠤ | ᠠᠷᠪᠢᠯᠠᠵᠤ ᠤᠰᠤᠯᠠᠬᠤ᠂ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠵᠡᠷᠭᠡ ᠮᠡᠷᠭᠡᠵᠢᠯ ᠢ ᠵᠡᠷᠭᠡᠪᠡᠷ ᠳᠡᠯᠭᠡᠷᠡᠭᠦᠯᠦᠨ᠂ ᠳᠠᠷᠢᠵᠤ ᠲᠡᠵᠢᠭᠡᠬᠦ ᠣᠷᠴᠢᠯ ᠢ | ᠠᠬᠢᠭᠤᠯᠪᠠ᠃ ᠲᠠᠷᠢᠶᠠᠯᠠᠩ ᠤᠨ ᠬᠡᠷᠡᠭᠰᠡᠯ ᠤᠨ ᠬᠤᠳᠠᠯ ᠬᠠᠭᠤᠷᠮᠠᠭ ᠦᠢᠯᠡᠳᠬᠦᠨ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠪᠣᠯᠣᠨ ᠪᠣᠬᠢᠷᠲᠤᠯ ᠦᠭᠡᠢ | ᠦᠢᠯᠡᠳᠪᠦᠷᠢᠯᠡᠯ ᠤᠨ ᠮᠡᠷᠭᠡᠵᠢᠯ ᠤᠨ ᠬᠤᠣᠰ ᠴᠢᠭᠯᠡᠯ ᠢᠶᠠᠷ ᠬᠦᠴᠦᠯᠡᠵᠦ᠂ ᠲᠠᠷᠢᠶᠠᠯᠠᠩ ᠳᠤ ᠣᠷᠣᠭᠤᠯᠬᠤ ᠡᠳ᠋ ᠪᠣᠳᠠᠰ ᠤᠨ ᠠᠮᠤᠷ ᠲᠦᠪᠰᠢᠨ ᠢ ᠡᠬᠢ ᠡᠭᠦᠰᠦᠯ ᠠᠴᠠ | ᠨᠢ ᠪᠠᠲᠤᠯᠠᠨ᠂ ᠠᠮᠢ ᠠᠬᠤᠢ ᠪᠠᠷ ᠬᠥᠭᠵᠢᠯᠲᠡ ᠶᠢ ᠠᠬᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠪᠣᠯᠣᠨ ᠠᠮᠢ ᠠᠬᠤᠢ ᠶᠢ ᠬᠠᠷᠢᠯᠴᠠᠨ | ᠤᠶᠠᠯᠳᠤᠭᠤᠯᠪᠠ᠃ | ᠳᠠᠷᠠᠭᠠᠴᠢ ᠶᠢᠨ ᠠᠯᠬᠤᠮ ᠳᠤ᠂ ᠮᠸᠡᠭ ᠰᠢ ᠪᠠᠯᠭᠠᠰᠤ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠨᠢᠨ ᠳᠡᠭᠡᠷ᠎ᠡ ᠨᠢ ᠪᠠᠶᠢᠷᠢᠰᠢᠭᠤᠯᠬᠤ ᠪᠠᠷ ᠡᠯᠪᠡᠭ ᠬᠤᠷᠢᠶᠠᠯᠲᠠ ᠶᠢᠨ ᠰᠠᠭᠤᠷᠢ ᠶᠢ ᠪᠠᠬᠢᠵᠢᠭᠦᠯᠦᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠪᠠᠷ ᠬᠥᠭᠵᠢᠭᠦᠯᠦᠨ ᠮᠠᠨᠳᠤᠭᠤᠯᠬᠤ ᠬᠥᠳᠡᠯᠭᠡᠬᠦ ᠬᠦᠴᠦᠨ ᠢ ᠬᠥᠭᠵᠢᠭᠡᠵᠦ᠂ ᠲᠠᠷᠢᠶᠠᠯᠠᠩ ᠠᠵᠤ ᠠᠬᠤᠢ | ᠴᠢᠨᠠᠷ ᠰᠠᠶᠢᠲᠠᠢ ᠥᠨᠳᠥᠷ ᠪᠦᠲᠦᠮᠵᠢᠲᠡᠢ ᠬᠥᠭᠵᠢᠭᠰᠡᠨ᠂ ᠬᠥᠳᠡᠭᠡ ᠲᠣᠰᠬᠤᠨ ᠣᠷᠣᠰᠢᠨ ᠰᠠᠭᠤᠵᠤ ᠦᠢᠯᠡᠰ ᠪᠣᠰᠬᠠᠬᠤ ᠳᠤ ᠲᠣᠬᠢᠷᠠᠭᠰᠠᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠨ᠎ᠡ︕ | | | |