ᠤᠯᠠᠭᠠᠨᠪᠠᠯᠭᠠᠰᠤ ︽ᠪᠢ ᠨᠢᠭᠡ ᠡᠳᠦᠷ ᠤᠨ ᠡᠯᠡᠰᠦ ᠵᠠᠰᠠᠭᠴᠢ ᠪᠣᠯᠬᠤ︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2025/4/3
      ᠤᠷᠢᠬᠠᠨ ᠬᠠᠪᠤᠷ ᠰᠠᠭᠠᠲᠠᠵᠤ᠂ ᠲᠦᠮᠡᠨ ᠪᠣᠳᠠᠰ ᠠᠮᠢᠯᠠᠨ᠎ᠠ᠃ ᠤᠯᠠᠭᠠᠨᠪᠠᠯᠭᠠᠰᠤ ︽ᠠᠮᠢ ᠠᠬᠤᠢ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠣᠶᠢᠯᠠᠭᠠᠭᠳᠠᠬᠤᠨ ᠲᠠᠢ ᠨᠢᠭᠲᠠ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠠᠮᠢ ᠠᠬᠤᠢ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠦᠨ᠂ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠠᠵᠢᠯ ᠪᠣᠯᠣᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠦᠨᠵᠡᠭᠡᠢ ᠠᠭᠤᠰᠤᠯᠴᠠᠯ ᠢ ᠪᠦᠬᠦ ᠲᠠᠯ᠎ᠠ ᠪᠠᠷ ᠠᠬᠢᠭᠤᠯᠵᠤ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃      ᠣᠶᠢᠷ᠎ᠠ ᠳᠤ᠂ ᠤᠯᠠᠭᠠᠨᠪᠠᠯᠭᠠᠰᠤ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠡᠳᠦᠷ ᠤᠨ ︽ᠪᠢ ᠨᠢᠭᠡ ᠡᠳᠦᠷ ᠤᠨ ᠡᠯᠡᠰᠦ ᠵᠠᠰᠠᠭᠴᠢ ᠪᠣᠯᠬᠤ︾ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 60 ᠭᠠᠷᠤᠢ ᠨᠠᠮ ᠤᠨ ᠭᠡᠰᠢᠭᠦᠨ ᠺᠠᠳ᠋ᠷ᠂ ᠰᠠᠶᠢᠨ ᠳᠤᠷᠠᠴᠤᠳ ᠬᠢᠭᠡᠳ ᠮᠠᠯᠴᠢᠨ ᠲᠠᠷᠢᠶᠠᠴᠢᠨ ᠲᠣᠰ ᠠᠵᠢᠯᠯᠠᠭ᠎ᠠ ᠳᠤ ᠣᠷᠣᠯᠴᠠᠪᠠ᠃ ᠤᠯᠠᠨ ᠢᠶᠠᠷ ᠢᠶᠠᠨ ᠲᠣᠭᠲᠠᠭᠰᠠᠨ ᠴᠠᠭ ᠲᠠᠭᠠᠨ ᠮᠤᠤᠠᠤᠰᠤ ᠶᠢᠨ ᠡᠯᠡᠰᠦᠷᠬᠡᠭ ᠭᠠᠵᠠᠷ ᠤᠨ ᠰᠠᠯᠬᠢᠨ ᠤ ᠡᠬᠢ ᠶᠢ ᠵᠠᠰᠠᠬᠤ ᠣᠷᠣᠨ ᠳᠤ ᠬᠦᠷᠦᠯᠴᠡᠨ ᠢᠷᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠦᠬᠡ ᠮᠠᠯᠲᠠᠨ ᠮᠣᠳᠣ ᠲᠠᠷᠢᠵᠤ ᠤᠰᠤᠯᠠᠭᠠᠳ ᠪᠣᠳᠠᠲᠤ ᠠᠵᠢᠯᠯᠠᠭ᠎ᠠ ᠪᠠᠷ ᠢᠶᠠᠨ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠬᠦᠴᠦᠨ ᠴᠢᠳᠠᠯ ᠢᠶᠠᠨ ᠡᠷᠭᠦᠪᠡ᠃ ᠲᠣᠰ ᠤᠳᠠᠭᠠᠨ ᠤ ᠮᠣᠳᠣ ᠳᠠᠷᠢᠬᠤ ᠠᠵᠢᠯᠯᠠᠭ᠎ᠠ ᠨᠢ ᠨᠢᠭᠡ ᠤᠳᠠᠭᠠᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠳᠦᠯᠭᠡ ᠪᠣᠯᠬᠤ ᠪᠠᠷ ᠪᠠᠷᠠᠬᠤ ᠦᠭᠡᠢ᠂ ᠨᠠᠩ ᠴᠤ ᠨᠢᠭᠡ ᠤᠳᠠᠭᠠᠨ ᠤ ᠦᠨᠳᠦᠰᠦᠨ ᠱᠠᠲᠤᠨ ᠤ ᠵᠠᠰᠠᠯᠲᠠ ᠬᠢᠭᠡᠳ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢᠨ ᠰᠢᠨ᠎ᠡ ᠶᠢ ᠡᠭᠦᠳᠬᠦ ᠲᠤᠷᠰᠢᠯᠲᠠ ᠪᠣᠯᠬᠤ ᠶᠤᠮ᠃       ᠡᠭᠦᠨ ᠤ ᠬᠠᠮᠲᠤ᠂ ᠤᠯᠠᠭᠠᠨᠪᠠᠯᠭᠠᠰᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠥᠬᠦ ᠲᠠᠯ᠎ᠠ ᠪᠠᠷ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠪᠠ᠃ ᠣᠶᠢᠷ᠎ᠠ ᠶᠢᠨ ᠵᠢᠯ ᠤᠨ ᠲᠤᠷᠰᠢ᠂ ᠤᠯᠠᠭᠠᠨᠪᠠᠯᠭᠠᠰᠤ ᠶᠢᠨ ᠡᠯᠡᠰᠦ ᠶᠢ ᠰᠡᠷᠭᠡᠶᠢᠯᠡᠨ ᠵᠠᠰᠠᠭᠰᠠᠨ ᠲᠠᠯᠠᠪᠠᠢ 8 ᠲᠦᠮᠡ ᠭᠠᠷᠤᠢ ᠮᠦ ᠳᠤ ᠬᠦᠷᠴᠦ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ ᠮᠡᠳᠡᠭᠳᠡᠮ᠎ᠡ ᠳᠡᠭᠡᠭᠰᠢᠯᠡᠨ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠪᠠ᠃ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠤᠢ ᠶᠢᠨ ᠢᠨᠵᠧᠨᠧᠷᠢᠩ ᠢ ᠠᠬᠢᠭᠤᠯᠵᠤ᠂ ᠪᠦᠬᠦ ᠪᠠᠯᠭᠠᠰᠤ ᠪᠠᠷ ᠢᠶᠠᠨ 2000 ᠮᠦ ᠮᠣᠳᠣ ᠲᠠᠷᠢᠨ᠂ 20 ᠲᠦᠮᠡᠨ ᠰᠣᠶᠤᠭ᠎ᠠ ᠮᠣᠳᠣ ᠲᠠᠷᠢᠵᠤ᠂ ᠠᠮᠢ ᠠᠬᠤᠢ ᠶᠢᠨ ᠰᠡᠷᠭᠦᠭᠡᠯᠲᠡ ᠶᠢᠨ ᠣᠷᠣᠨ ᠤ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ ᠮᠡᠳᠡᠭᠳᠡᠮ᠎ᠡ ᠳᠡᠭᠡᠭᠰᠢᠯᠡᠭᠦᠯᠵᠡᠢ᠃ ᠡᠭᠦᠨ ᠠᠴᠠ ᠭᠠᠳᠠᠨ᠎ᠠ᠂ ᠤᠯᠠᠭᠠᠨᠪᠠᠯᠭᠠᠰᠤ ᠪᠠᠰᠠ 6 ᠺᠢᠯᠣᠮᠧᠲᠷ ᠤᠨ ᠭᠤᠣᠯ ᠤᠨ ᠵᠠᠮ ᠢ ᠶᠡᠷᠦᠩᠬᠡᠶᠢᠯᠡᠨ ᠵᠠᠰᠠᠵᠤ᠂ ᠤᠰᠤᠨ ᠤ ᠴᠢᠨᠠᠷ ᠤᠨ ᠰᠢᠯᠢᠳᠡᠭ ᠨᠣᠷᠮ᠎ᠠ ᠶᠢ 90% ᠠᠴᠠ ᠳᠠᠪᠠᠭᠤᠯᠤᠨ᠂ ᠮᠠᠯᠴᠢᠨ ᠲᠠᠷᠢᠶᠠᠴᠢᠳ ᠲᠤ ᠨᠠᠩ ᠰᠠᠶᠢᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠠᠳ ᠤᠯᠠᠭᠠᠨᠪᠠᠯᠭᠠᠰᠤ ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠥᠬᠦ ᠪᠠᠯᠭᠠᠰᠤ ᠪᠠᠷ ᠢᠶᠠᠨ ᠰᠡᠳᠬᠢᠯ ᠨᠢᠭᠡᠳᠦᠨ᠂ ᠬᠥᠭᠵᠢᠯᠲᠡ ᠶᠢ ᠬᠠᠮᠲᠤ ᠪᠠᠷ ᠡᠷᠢᠯᠬᠢᠯᠡᠭᠰᠡᠨ ᠰᠠᠶᠢᠬᠠᠨ ᠪᠠᠶᠢᠳᠠᠯ ᠢ ᠡᠭᠦᠳᠪᠡ᠃ ᠳᠠᠷᠠᠭᠠᠴᠢ ᠶᠢᠨ ᠠᠯᠬᠤᠮ ᠳᠤ᠂ ᠤᠯᠠᠭᠠᠨᠪᠠᠯᠭᠠᠰᠤ ᠦᠷᠭᠦᠯᠵᠢᠯᠡᠨ ᠠᠮᠢ ᠠᠬᠤᠢ ᠶᠢᠨ ᠵᠠᠰᠠᠯᠲᠠ ᠪᠠᠷ ᠭᠠᠷᠳᠠᠴᠠ ᠪᠣᠯᠭᠠᠵᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠪᠠᠷ ᠬᠤᠯᠪᠣᠭᠠᠰᠤ ᠪᠣᠯᠭᠠᠨ᠂ ᠠᠮᠢ ᠠᠬᠤᠶᠢᠴᠢ ᠣᠷᠣᠰᠢᠨ ᠰᠠᠭᠤᠬᠤ ᠳᠤ ᠲᠠᠭᠠᠯᠠᠮᠵᠢᠲᠠᠢ᠂ ᠵᠣᠯ ᠵᠢᠷᠭᠠᠯᠲᠠᠢ ᠡᠶ᠎ᠡ ᠵᠣᠬᠢᠴᠠᠯᠲᠠᠢ ᠤᠯᠠᠭᠠᠨᠪᠠᠯᠭᠠᠰᠤ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠪᠣᠳᠠᠲᠤ ᠠᠵᠢᠯᠯᠠᠭ᠎ᠠ ᠪᠠᠷ ᠢᠶᠠᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠤᠪᠢ ᠨᠡᠮᠡᠷᠢ ᠪᠠᠨ ᠦᠵᠡᠭᠦᠯᠦᠨ᠎ᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ