ᠨᠠᠰᠤᠲᠠᠶᠢᠴᠤᠳ ᠤᠨ ᠬᠤᠭᠤᠯᠠᠨ ᠭᠡᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ | ᠪᠥᠬᠦ ᠠᠵᠢᠯᠲᠠᠨ ᠠᠵᠢᠯᠴᠢᠨ ᠵᠢᠴᠢ ᠨᠠᠰᠤᠲᠠᠶᠢᠴᠤᠳ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠣᠯᠣᠨ ᠥᠪᠡᠷ ᠢ ᠪᠠᠨ ᠬᠠᠮᠠᠭᠠᠯᠠᠵᠤ ᠠᠪᠤᠷᠠᠬᠤ | ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 27 ᠤ ᠡᠳᠦᠷ᠂ ᠮᠧᠩ ᠰᠢ ᠨᠡᠶᠢᠭᠡᠮ ᠲᠣᠭᠤᠷᠢᠭ ᠤᠨ ᠬᠢᠨ ᠭᠠᠯ ᠤᠨᠲᠠᠷᠠᠭᠠᠬᠤ | ᠠᠩᠭᠢ ᠲᠠᠢ ᠬᠠᠮᠲᠤᠷᠠᠨ ᠨᠠᠰᠤᠲᠠᠶᠢᠴᠤᠳ ᠤᠨ ᠬᠤᠭᠤᠯᠠᠨ ᠭᠡᠷ ᠲᠤ ︽ᠭᠠᠯ ᠤᠨᠲᠠᠷᠠᠭᠠᠬᠤ ᠰᠣᠷᠢᠯᠲᠠ ᠳᠤ ᠪᠥᠭᠦᠳᠡᠭᠡᠷ ᠢᠶᠠᠨ ᠣᠷᠣᠯᠴᠠᠵᠤ᠂ ᠨᠠᠰᠤᠵᠢᠯ ᠤᠨ | ᠠᠰᠠᠷᠠᠮᠵᠢ ᠶᠢᠨ ᠠᠮᠤᠷ ᠲᠦᠪᠰᠢᠨ ᠢ ᠬᠠᠮᠲᠤᠪᠠᠷ ᠬᠠᠮᠠᠭᠠᠯᠠᠬᠤ︾ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯᠯᠠᠭ᠎ᠠ ᠥᠷᠨᠢᠭᠦᠯᠪᠡ᠃ | ᠰᠣᠷᠢᠯᠲᠠ ᠡᠬᠢᠯᠡᠬᠦ ᠠᠴᠠ ᠡᠮᠦᠨ᠎ᠡ᠂ ᠭᠠᠯ ᠤᠨᠲᠠᠷᠠᠭᠠᠭᠴᠢ ᠠᠴᠠ ᠠᠵᠢᠯᠲᠠᠨ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠵᠢᠴᠢ ᠬᠤᠭᠤᠯᠠᠨ ᠭᠡᠷ ᠤᠨ | ᠨᠠᠰᠤᠲᠠᠶᠢᠴᠤᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠬᠢᠵᠦ᠂ ᠣᠶᠢᠷ᠎ᠠ ᠶᠢᠨ ᠵᠢᠯ ᠤᠳ ᠲᠠᠬᠢ ᠨᠡᠶᠢᠲᠡᠯᠢᠭ ᠭᠠᠯ ᠤᠨ ᠭᠠᠮᠰᠢᠭ ᠤᠨ | ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠭᠤᠣᠯᠳᠠᠯᠭ᠎ᠠ᠂ ᠳᠥᠩᠭᠡᠵᠢ ᠰᠢᠲᠠᠭᠰᠠᠨ ᠭᠠᠯ ᠢ ᠤᠨᠲᠠᠷᠠᠭᠠᠬᠤ ᠠᠷᠭ᠎ᠠ᠂ | ᠲᠠᠷᠬᠠᠭᠠᠨ ᠵᠠᠶᠢᠯᠠᠭᠤᠯᠬᠤ ᠤᠷ᠎ᠠ ᠮᠡᠷᠭᠡᠵᠢᠯ ᠵᠢᠴᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠬᠡᠷᠡᠭᠯᠡᠯᠲᠡ ᠶᠢᠨ ᠵᠢᠷᠤᠮᠵᠢᠯ ᠢ ᠨᠠᠷᠢᠨ ᠲᠠᠶᠢᠯᠪᠤᠷᠢᠯᠠᠵᠤ᠂ ᠲᠤᠬᠠᠢ ᠶᠢᠨ | ᠲᠠᠯᠠᠪᠤᠷ ᠲᠤ ᠪᠠᠰᠠ ᠵᠢᠷᠤᠭ ᠦᠰᠦᠭ ᠬᠠᠪᠰᠤᠷᠭᠠᠭᠰᠠᠨ ︽ᠭᠠᠯ ᠤᠨᠲᠠᠷᠠᠭᠠᠬᠤ ᠠᠮᠤᠷ ᠲᠦᠪᠰᠢᠨ ᠤ ᠭᠠᠷ ᠳᠡᠪᠲᠡᠷ︾ ᠢ ᠲᠠᠷᠬᠠᠭᠠᠨ᠂ ᠨᠠᠰᠤᠲᠠᠶᠢᠴᠤᠳ ᠲᠤ ᠠᠮᠤᠷ | ᠲᠦᠪᠰᠢᠨ ᠤ ᠮᠡᠳᠡᠯᠭᠡ ᠶᠢ ᠨᠠᠩ ᠰᠢᠭᠤᠳ ᠡᠵᠡᠮᠰᠢᠭᠦᠯᠦᠭᠰᠡᠨ ᠪᠠᠶᠢᠨ᠎ᠠ᠃ | ᠰᠣᠷᠢᠯᠲᠠ ᠳᠤᠮᠳᠠ᠂ ᠭᠠᠯ ᠤᠨᠲᠠᠷᠠᠭᠠᠬᠤ ᠠᠩᠭᠢ ᠶᠢᠨ ᠬᠢᠨ ᠠᠬᠤᠢ ᠲᠠᠯᠠᠪᠠᠢ ᠳᠤ ᠭᠠᠯ ᠤᠨᠲᠠᠷᠠᠭᠠᠭᠤᠷ ᠢ ᠬᠡᠷᠡᠭᠯᠡᠬᠦ ᠭᠤᠣᠯᠳᠠᠯᠭ᠎ᠠ ᠵᠢᠴᠢ ᠠᠷᠭ᠎ᠠ ᠶᠢ | ᠲᠠᠶᠢᠯᠪᠤᠷᠢᠯᠠᠵᠤ᠂ ᠭᠠᠯ ᠤᠨᠲᠠᠷᠠᠭᠠᠭᠤᠷ ᠢ ᠬᠡᠷᠡᠭᠯᠡᠬᠦ ᠲᠦᠷᠪᠡᠨ ᠠᠯᠬᠤᠮ ︽ᠨᠢᠭᠡ ᠳᠤ ᠡᠷᠭᠦᠬᠦ᠂ ᠬᠤᠶᠠᠷ ᠲᠤ ᠲᠠᠲᠠᠬᠤ᠂ ᠭᠤᠷᠪᠠ ᠳᠤ ᠣᠨᠢᠯᠠᠬᠤ᠂ ᠳᠥᠷᠪᠡ ᠳᠤ | ᠳᠠᠷᠤᠬᠤ︾ ᠪᠣᠳᠠᠲᠠᠢ ᠪᠣᠯᠪᠠᠰᠤᠷᠠᠯ ᠬᠢᠭᠰᠡᠨ ᠪᠥᠭᠡᠳ ᠬᠡᠰᠡᠭ ᠠᠵᠢᠯᠲᠠᠨ ᠪᠣᠯᠣᠨ ᠨᠠᠰᠤᠲᠠᠶᠢᠴᠤᠳ ᠢ ᠤᠷᠢᠵᠤ ᠣᠷᠣᠯᠴᠠᠭᠤᠯᠤᠨ᠂ ᠤᠯᠠᠨ ᠢᠶᠠᠷ ᠢᠶᠠᠨ ᠨᠠᠷᠢᠨ | ᠬᠢᠨᠠᠮᠠᠭᠠᠢ ᠰᠤᠷᠤᠯᠴᠠᠵᠤ᠂ ᠦᠢᠯᠡᠳᠦᠯᠭᠡ ᠶᠢᠨ ᠳᠤᠮᠳᠠ ᠭᠠᠯ ᠤᠨᠲᠠᠷᠠᠭᠠᠬᠤ ᠤᠷ᠎ᠠ ᠮᠡᠷᠭᠡᠵᠢᠯ ᠢ ᠡᠵᠡᠮᠰᠢᠪᠡ᠃ | ᠲᠤᠰ ᠤᠳᠠᠭᠠᠨ ᠤ ᠭᠠᠯ ᠤᠨᠲᠠᠷᠠᠭᠠᠬᠤ ᠰᠣᠷᠢᠯᠲᠠ ᠶᠢᠨ ᠠᠵᠢᠯᠯᠠᠭ᠎ᠠ ᠨᠢ ᠮᠸᠡᠭ ᠰᠢ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠤᠭᠤᠯᠠᠨ ᠭᠡᠷ ᠤᠨ | ᠪᠦᠬᠦ ᠬᠥᠮᠥᠰ ᠵᠢᠴᠢ ᠨᠠᠰᠤᠲᠠᠶᠢᠴᠤᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠶ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠤ | ᠠᠮᠢ ᠵᠢᠭᠤᠲᠠᠬᠤ ᠪᠣᠯᠣᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠮᠸᠡᠭ ᠰᠢ ᠨᠡᠶᠢᠭᠡᠮ | ᠲᠣᠭᠤᠷᠢᠭ ᠤᠨ ᠬᠢᠨ ᠦᠷᠭᠦᠯᠵᠢᠯᠡᠨ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠡᠯ᠎ᠡ ᠲᠦᠷᠦᠯ ᠤᠨ ᠠᠮᠤᠷ | ᠲᠦᠪᠰᠢᠨ ᠤ ᠰᠣᠷᠢᠯᠲᠠ ᠬᠢᠭᠡᠳ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤ ᠥᠷᠨᠢᠭᠦᠯᠦᠨ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ | ᠲᠣᠭᠲᠠᠯᠴᠠᠭ᠎ᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠨᠡᠩ ᠠᠮᠤᠷ ᠲᠦᠪᠰᠢᠨ᠂ ᠡᠶ᠎ᠡ ᠵᠣᠬᠢᠴᠠᠩᠭᠤᠢ | ᠠᠮᠢᠳᠤᠷᠠᠯ ᠤᠨ ᠣᠷᠴᠢᠨ ᠢ ᠪᠦᠷᠢᠯᠳᠦᠭᠦᠯᠵᠦ ᠥᠭᠭᠦᠨ᠎ᠡ᠃ | | | |