ᠠᠮᠤᠷ ᠲᠦᠪᠰᠢᠨ ᠪᠣᠯᠣᠨ ᠲᠠᠷᠢᠶᠠᠯᠠᠩ ᠳᠤ ᠲᠤᠰᠠᠯᠠᠬᠤ ᠠᠵᠢᠯ ᠢ ᠵᠡᠷᠭᠡᠪᠡᠷ ᠠᠬᠢᠭᠤᠯᠵᠤ  ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠪᠠᠷ ᠬᠦᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/4/30
      ︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠴᠢ ᠫᠠᠨ ᠵᠢᠩ ᠪᠠᠯᠭᠠᠰᠤᠨ ᠤ ᠣᠯᠠᠨ ᠨᠣᠬᠠᠢ ᠶᠢᠨ ᠴᠢᠷᠭ᠎ᠠ ᠲᠣᠰᠬᠤᠨ ᠳᠤ ︽ᠨᠢᠭᠤᠷᠳᠠᠨ ᠦᠢᠯᠡᠴᠢᠯᠡᠬᠦ ᠡᠳᠦᠷ︾ ᠤᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ︽ᠨᠢᠭᠤᠷᠳᠠᠨ ᠦᠢᠯᠡᠴᠢᠯᠡᠵᠦ᠂ ᠠᠷᠠᠳ ᠲᠤ ᠠᠰᠢᠭ ᠬᠦᠷᠲᠡᠭᠡᠨ ᠬᠥᠮᠥᠰ ᠤᠨ ᠰᠡᠳᠬᠢᠯ ᠢ ᠳᠤᠯᠠᠭᠠᠴᠠᠭᠤᠯᠬᠤ︾ ᠪᠠᠷ ᠵᠣᠷᠢᠯᠲᠠ ᠪᠠᠨ ᠪᠣᠯᠭᠠᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠪᠣᠳᠠᠲᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠵᠠᠭᠪᠤᠷ ᠢᠶᠠᠷ ᠳᠠᠮᠵᠢᠭᠤᠯᠵᠤ᠂ ᠣᠯᠠᠨ ᠲᠦᠮᠡᠨ ᠤ ᠬᠦᠴᠢᠷᠳᠡᠵᠦ ᠰᠠᠨᠠᠭᠠᠰᠢᠷᠠᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠭᠰᠡᠨ ᠪᠥᠭᠡᠳ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃      ᠠᠵᠢᠯᠯᠠᠭ᠎ᠠ ᠡᠬᠢᠯᠡᠬᠦ ᠠᠴᠠ ᠡᠮᠦᠨ᠎ᠡ᠂ ᠳᠣᠷᠣᠭᠰᠢ ᠪᠠᠭᠤᠭᠰᠠᠨ ᠺᠠᠳ᠋ᠷᠴᠤᠳ ᠸᠢᠴᠠᠲ ᠤᠨ ᠬᠤᠯᠪᠣᠭ᠎ᠠ ᠶᠢ ᠠᠰᠢᠭᠯᠠᠨ ᠥᠷᠭᠡᠨ ᠳᠡᠯᠭᠡᠷ ᠤᠬᠠᠭᠤᠯᠭ᠎ᠠ ᠬᠢᠵᠦ᠂ ᠮᠠᠯᠴᠢᠨ ᠲᠠᠷᠢᠶᠠᠴᠢᠳ ᠤᠨ ᠣᠶᠢᠯᠠᠭᠠᠵᠤ ᠮᠡᠳᠡᠬᠦ ᠨᠣᠷᠮ᠎ᠠ ᠶᠢ ᠭᠦᠢᠴᠡᠳ ᠳᠠᠶᠢᠴᠢᠯᠠᠨ᠂ ᠠᠵᠢᠯᠯᠠᠭ᠎ᠠ ᠶᠢᠨ ᠬᠠᠮᠤᠷᠬᠤ ᠬᠦᠷᠢᠶ᠎ᠡ ᠬᠡᠪᠴᠢᠶ᠎ᠡ ᠶᠢ ᠥᠷᠭᠡᠳᠬᠡᠪᠡ᠃      ᠠᠵᠢᠯᠯᠠᠭ᠎ᠠ ᠶᠢᠨ ᠠᠬᠤᠢ ᠲᠠᠯᠠᠪᠠᠶ ᠳᠤ᠂ ᠡᠩ ᠤᠨ ︽6 + N︾ ᠲᠥᠷᠥᠯ ᠤᠨ ᠦᠢᠯᠡᠴᠢᠯᠡᠭᠡ ᠠᠴᠠ ᠭᠠᠳᠠᠨ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠲᠤᠰᠬᠠᠢ ᠮᠡᠷᠭᠡᠵᠢᠯᠲᠡᠨ ᠬᠢᠭᠡᠳ ᠪᠠᠯᠭᠠᠰᠤᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠬᠠᠮᠲᠤᠷᠠᠨ ︽ᠠᠮᠤᠷ ᠲᠦᠪᠰᠢᠨ + ᠮᠡᠷᠭᠡᠵᠢᠯ︾ ᠤᠨ ᠬᠤᠣᠰ ᠦᠢᠯᠡᠴᠢᠯᠡᠭᠡ ᠶᠢ ᠥᠷᠨᠢᠭᠦᠯᠵᠦ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠶᠡᠷᠦᠩᠬᠡᠶᠢᠯᠡᠨ ᠳᠡᠭᠡᠭᠰᠢᠯᠡᠭᠦᠯᠪᠡ᠃      ᠨᠢᠭᠡ ᠲᠠᠯ᠎ᠠ ᠪᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠠᠮᠢᠲᠠᠨ ᠤ ᠬᠢᠵᠢᠭ ᠤᠨ ᠰᠡᠷᠭᠡᠶᠢᠯᠡᠯᠲᠡ ᠵᠡᠷᠭᠡ ᠤᠯᠠᠷᠢᠯ ᠤᠨ ᠴᠢᠨᠠᠷᠲᠠᠢ ᠬᠡᠷᠡᠭᠴᠡᠭᠡ ᠲᠠᠢ ᠤᠶᠠᠯᠳᠤᠭᠤᠯᠵᠤ᠂ ᠦᠢᠯᠡᠴᠢᠯᠡᠭᠡᠨ ᠤ ᠲᠥᠷᠥᠯ ᠵᠦᠢᠯ ᠢ ᠴᠢᠭᠯᠡᠯᠲᠡ ᠴᠢᠨᠠᠷᠲᠠᠢ ᠪᠠᠷ ᠲᠣᠬᠢᠷᠠᠭᠤᠯᠤᠨ᠂ ᠣᠲᠤᠭ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠲᠥᠪ ᠤᠨ ᠲᠤᠰᠬᠠᠢ ᠮᠡᠷᠭᠡᠵᠢᠯᠲᠡᠨ ᠢ ᠣᠨᠴᠠᠭᠠᠶᠢᠯᠠᠨ ᠤᠷᠢᠵᠤ᠂ ︽ᠤᠷᠢᠳᠠᠪᠠᠷ ᠲᠠᠷᠢᠯᠭ᠎ᠠ ᠲᠠᠷᠢᠵᠤ ᠳᠠᠷᠠᠭ᠎ᠠ ᠨᠢ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠬᠤᠷᠠᠯ ᠢ ᠵᠡᠷᠭᠡᠪᠡᠷ ᠥᠷᠨᠢᠭᠦᠯᠦᠨ᠂ ᠠᠬᠤᠢ ᠲᠠᠯᠠᠪᠠᠢ ᠳᠤ ᠨᠥᠬᠦᠪᠦᠷᠢ ᠶᠢ ᠭᠤᠶᠤᠴᠢᠯᠠᠨ ᠮᠡᠳᠡᠭᠦᠯᠬᠦ ᠶᠠᠪᠤᠴᠠ ᠵᠡᠷᠭᠡ ᠠᠰᠠᠭᠤᠳᠠᠯ ᠳᠤ 23 ᠤᠳᠠᠭ᠎ᠠ ᠬᠠᠷᠢᠭᠤᠯᠲᠠ ᠬᠢᠵᠦ᠂ ᠪᠠᠶᠢᠳᠠᠯ ᠢ ᠣᠶᠢᠯᠠᠭᠠᠵᠤ ᠪᠦᠷᠢᠳᠬᠡᠨ᠂ ᠮᠠᠯᠴᠢᠨ ᠲᠠᠷᠢᠶᠠᠴᠢᠨ ᠢ ᠬᠠᠪᠰᠤᠷᠤᠨ ︽ᠲᠥᠷᠥ ᠶᠢᠨ ᠪᠣᠳᠣᠯᠭ᠎ᠠ ᠶᠢ ᠣᠶᠢᠯᠠᠭᠠᠭᠰᠠᠳ︾ ᠠᠴᠠ ︽ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠴᠢ︾ ᠪᠣᠯᠭᠠᠨ ᠬᠤᠪᠢᠷᠠᠭᠤᠯᠪᠠ᠃ ᠸᠠᠩ ᠨᠠᠰᠤᠲᠠᠨ᠄ ︽︿ᠤᠷᠢᠳᠠᠪᠠᠷ ᠲᠠᠷᠢᠯᠭ᠎ᠠ ᠲᠠᠷᠢᠵᠦ ᠳᠠᠷᠠᠭ᠎ᠠ ᠨᠢ ᠨᠥᠬᠦᠪᠦᠷᠢᠯᠡᠬᠦ﹀ ᠲᠥᠷᠥ ᠶᠢᠨ ᠪᠣᠳᠣᠯᠭ᠎ᠠ ᠶᠢ ᠶᠡᠭᠡ ᠲᠣᠳᠣᠷᠬᠠᠢ ᠶᠠᠷᠢᠭᠰᠠᠨ᠂ ᠬᠤᠵᠢᠮ ᠨᠥᠬᠦᠪᠦᠷᠢ ᠠᠪᠬᠤ ᠪᠠᠷ ᠭᠤᠶᠤᠴᠢᠯᠠᠨ ᠮᠡᠳᠡᠭᠦᠯᠬᠦ ᠶᠠᠪᠤᠴᠠ ᠶᠢ ᠮᠡᠳᠡᠬᠦ ᠦᠭᠡᠢ ᠭᠡᠵᠦ ᠵᠣᠪᠠᠭ᠋ᠤ ᠤᠴᠢᠷ ᠦᠭᠡᠢ ᠪᠣᠯᠣᠭᠰᠠᠨ ᠰᠢᠤ︾ ᠭᠡᠵᠦ ᠪᠠᠶᠠᠷᠲᠠᠢ ᠬᠡᠯᠡᠨ᠎ᠡ᠃      ᠨᠥᠭᠦᠭᠡ ᠲᠠᠯ᠎ᠠ ᠪᠠᠷ ᠬᠥᠳᠡᠭᠡ ᠲᠣᠰᠬᠤᠨ ᠤ ᠰᠢᠲᠠᠮᠠᠬᠠᠢ ᠬᠡᠢ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠲᠤᠰᠬᠠᠢ ᠮᠡᠷᠭᠡᠵᠢᠯ ᠤᠨ ᠠᠵᠢᠯᠲᠠᠨ ᠢ ᠤᠷᠢᠵᠤ ᠮᠠᠯᠴᠢᠨ ᠲᠠᠷᠢᠶᠠᠴᠢᠨ ᠡᠷᠦᠬᠡ ᠳᠤ ᠰᠢᠲᠠᠮᠠᠬᠠᠢ ᠬᠡᠢ ᠶᠢᠨ ᠢᠵᠢ ᠲᠦᠬᠦᠷ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠵᠢᠴᠢ ᠰᠣᠯᠢᠬᠤ ᠦᠢᠯᠡᠴᠢᠯᠡᠭᠡ ᠶᠢ ᠵᠠᠷᠤᠳᠠᠯ ᠬᠤᠷᠢᠶᠠᠬᠤ ᠦᠭᠡᠢ ᠪᠠᠷ ᠥᠷᠨᠢᠭᠦᠯᠵᠦ᠂ ᠬᠠᠭᠤᠴᠢᠷᠠᠭᠰᠠᠨ᠂ ᠬᠡᠢ ᠠᠯᠳᠠᠭᠳᠠᠭᠰᠠᠨ ᠳᠠᠯᠳᠠ ᠬᠡᠮ ᠣᠷᠣᠰᠢᠵᠤ ᠪᠠᠶᠢᠭ᠎ᠠ ᠲᠥᠬᠦᠭᠡᠷᠦᠮᠵᠢ ᠶᠢ ᠳᠡᠩᠰᠡᠯᠡᠨ ᠲᠡᠮᠳᠡᠭᠯᠡᠬᠦ ᠶᠢᠨ ᠬᠠᠮᠲᠤ ᠬᠢᠷᠢ ᠲᠡᠩᠴᠡᠬᠦ ᠦᠭᠡᠢ ᠰᠡᠯᠪᠢᠭ ᠲᠣᠨᠤᠭ ᠢ ᠨᠢ ᠠᠬᠤᠢ ᠲᠠᠯᠠᠪᠠᠢ ᠳᠤᠨᠢ ᠰᠣᠯᠢᠵᠤ ᠥᠭᠪᠡ᠃ ᠲᠤᠰ ᠤᠳᠠᠭᠠᠨ ᠤ ᠠᠵᠢᠯᠯᠠᠭ᠎ᠠ ᠪᠠᠷ 17 ᠡᠷᠦᠬᠡ ᠶᠢᠨ ᠰᠢᠲᠠᠮᠠᠬᠠᠢ ᠬᠡᠢ ᠶᠢᠨ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ᠂ ᠠᠮᠤᠷ ᠲᠦᠪᠰᠢᠨ ᠢᠶᠠᠷ ᠬᠡᠷᠡᠭᠯᠡᠬᠦ ᠭᠠᠷ ᠳᠡᠪᠲᠡᠷ ᠢ 200 ᠭᠠᠷᠤᠢ ᠲᠠᠷᠬᠠᠭᠠᠨ᠂ ᠪᠣᠳᠠᠲᠠᠢ ᠬᠢᠵᠦ ᠦᠵᠡᠭᠦᠯᠬᠦ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠤ ᠠᠮᠤᠷ ᠲᠦᠪᠰᠢᠨ ᠢᠶᠠᠷ ᠰᠢᠲᠠᠮᠠᠬᠠᠢ ᠬᠡᠢ ᠬᠡᠷᠡᠭᠯᠡᠬᠦ ᠤᠬᠠᠮᠰᠠᠷ ᠢ ᠨᠢ ᠳᠡᠭᠡᠭᠰᠢᠯᠡᠭᠦᠯᠵᠦ᠂ ᠠᠮᠤᠷ ᠲᠦᠪᠰᠢᠨ ᠤ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠨ᠂ ᠮᠠᠯᠴᠢᠨ ᠲᠠᠷᠢᠶᠠᠴᠢᠨ ᠤ ᠠᠮᠢᠳᠤᠷᠠᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃      ᠲᠣᠰ ᠤᠳᠠᠭᠠᠨ ᠤ ᠨᠢᠭᠤᠷᠳᠠᠨ ᠦᠢᠯᠡᠴᠢᠯᠡᠬᠦ ᠠᠵᠢᠯᠯᠠᠭ᠎ᠠ ᠪᠠᠷ 140 ᠭᠠᠷᠤᠢ ᠬᠦᠮᠦᠨ ᠳᠤ ᠰᠢᠭᠤᠳ ᠦᠢᠯᠡᠴᠢᠯᠡᠵᠦ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠮᠡᠷᠭᠡᠵᠢᠯ ᠤᠨ ᠵᠢᠯᠣᠭᠤᠳᠤᠯᠭ᠎ᠠ ᠬᠢᠬᠦ᠂ ᠠᠯᠪᠠᠨ ᠵᠢᠷᠤᠮ ᠤᠨ ᠡᠮᠴᠢᠯᠡᠭᠡ ᠬᠢᠬᠦ᠂ ᠲᠣᠨᠤᠭ ᠲᠥᠬᠦᠭᠡᠷᠦᠮᠵᠢ ᠶᠢ ᠰᠡᠯᠪᠢᠨ ᠵᠠᠰᠠᠬᠤ᠂ ᠦᠰᠦ ᠵᠠᠰᠠᠬᠤ ᠵᠡᠷᠭᠡ ᠦᠢᠯᠡᠴᠢᠯᠡᠭᠡ ᠶᠢ ᠪᠠᠭᠲᠠᠭᠠᠭᠰᠠᠨ 110 ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠠᠬᠤᠢ ᠲᠠᠯᠠᠪᠠᠢ ᠳᠤ ᠭᠦᠢᠴᠡᠳᠬᠡᠭᠰᠡᠨ ᠪᠠᠶᠢᠨ᠎ᠠ᠃ ᠠᠵᠢᠯᠯᠠᠭ᠎ᠠ ᠨᠢ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠤᠯᠠᠨ ᠰᠠᠯᠠᠭ᠎ᠠ ᠮᠥᠴᠢᠷ ᠤᠨ ᠡᠬᠢ ᠪᠠᠶᠠᠯᠢᠭ ᠢ ᠨᠢᠭᠡᠳᠬᠡᠬᠦ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ᠂ ᠦᠢᠯᠡᠴᠢᠯᠡᠭᠡᠨ ᠤ ᠬᠦᠴᠦᠨ ᠢ ᠦᠨᠳᠦᠰᠦᠨ ᠱᠠᠲᠤᠨ ᠳᠤ ᠪᠠᠭᠤᠯᠭᠠᠬᠤ᠂ ᠨᠢᠭᠡᠳᠦᠭᠡᠷ ᠹᠷᠣᠨᠲ ᠲᠤ ᠣᠴᠢᠬᠤ᠂ ᠦᠨᠡᠨ ᠰᠡᠳᠬᠢᠯ ᠠᠴᠠ ᠪᠠᠨ ᠦᠢᠯᠡᠴᠢᠯᠡᠬᠦ ᠪᠠᠷ ᠳᠠᠮᠵᠢᠭᠤᠯᠤᠨ᠂ ᠲᠦᠷᠦ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨᠬᠦ ᠠᠷᠠᠳ ᠤᠨ ᠠᠮᠢᠳᠤᠷᠠᠯ ᠤᠨ ᠠᠵᠠ ᠵᠢᠷᠭᠠᠯ ᠪᠣᠯᠭᠠᠪᠠ᠃ ᠣᠯᠠᠨ ᠨᠣᠬᠠᠢ ᠶᠢᠨ ᠴᠢᠷᠭ᠎ᠠ ᠲᠣᠰᠬᠤᠨ ᠤ ᠳᠣᠷᠣᠭᠰᠢ ᠪᠠᠭᠤᠭᠰᠠᠨ ᠺᠠᠳ᠋ᠷᠴᠤᠳ᠄ ︽ᠪᠢᠳᠡ ᠦᠷᠭᠦᠯᠵᠢᠯᠡᠨ ︿ᠣᠯᠠᠨ ᠲᠦᠮᠡᠨ ᠬᠠᠨᠤᠮᠵᠢᠲᠠᠶ ᠪᠠᠶᠢᠬᠤ﹀ ᠪᠠᠷ ᠪᠠᠷᠢᠮᠵᠢᠶ᠎ᠠ ᠪᠣᠯᠭᠠᠨ᠂ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠣᠶᠢᠯᠠᠭᠠᠬᠤ ᠶᠢ ᠰᠤᠯᠠᠷᠠᠭᠤᠯᠬᠤ ᠦᠭᠡᠢ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠤᠯᠠᠷᠠᠭᠤᠯᠬᠤ ᠦᠭᠡᠢ᠂ ᠠᠮᠤᠷ ᠲᠦᠪᠰᠢᠨ ᠤ ᠳᠠᠯᠳᠠ ᠬᠡᠮ ᠤᠨ ᠪᠠᠶᠢᠴᠠᠭᠠᠯᠲᠠ ᠶᠢ ᠰᠤᠯᠠᠷᠠᠭᠤᠯᠬᠤ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯᠲᠤ ᠲᠥᠷᠥᠭᠳᠡᠯ ᠢ ᠦᠨᠡᠨᠬᠦ ᠳᠡᠭᠡᠭᠰᠢᠯᠡᠭᠦᠯᠦᠨ᠎ᠡ︾ ᠭᠡᠵᠦ ᠢᠯᠡᠷᠬᠡᠶᠢᠯᠡᠪᠡ᠃    
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ