ᠳᠤᠮᠳᠠᠳᠤ ᠤᠯᠤᠰ ᠤᠨ ᠡᠪ ᠬᠠᠮᠲᠤ ᠨᠠᠮ ᠤᠨ ᠣᠲᠤᠭ ᠬᠤᠰᠢᠭᠤᠨ ᠤ ᠤᠯᠠᠭᠠᠨᠪᠠᠯᠭᠠᠰᠤ ᠶᠢᠨ ᠬᠤᠷᠢᠶ᠎ᠠ᠂ ᠣᠲᠤᠭ ᠬᠤᠰᠢᠭᠤᠨ ᠤ ᠤᠯᠠᠭᠠᠨᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ︽ᠤᠯᠤᠰ ᠤᠨ ᠪᠠᠲᠤᠯᠠᠨ ᠬᠠᠮᠠᠭᠠᠯᠠᠯᠲᠠ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ | ᠭᠦᠢᠴᠡᠳᠬᠡᠨ ᠬᠤᠪᠢᠯᠭᠠᠨ ᠣᠩᠭᠤᠴᠠ ᠶᠢ ᠬᠠᠮᠠᠭᠠᠯᠠᠨ ᠬᠦᠷᠭᠡᠪᠡ︾ ᠭᠡᠬᠦ ᠠᠷᠪᠠᠨ ᠵᠢᠷᠭᠤᠭᠠᠨ ᠥᠰᠥᠭ ᠲᠠᠢ ᠬᠡᠮᠡᠷᠯᠢᠭ ᠲᠤᠭ ᠢ ᠲᠤᠰᠪᠠ᠃ ᠡᠨᠡ ᠬᠦ ᠭᠦᠨ | ᠵᠤᠵᠠᠭᠠᠨ ᠨᠥᠬᠦᠷᠯᠡᠯ ᠬᠢᠭᠡᠳ ᠡᠷᠬᠢᠮ ᠳᠡᠭᠡᠳᠦ ᠢᠷᠠᠭᠤ ᠠᠯᠳᠠᠷ ᠢ ᠠᠴᠢᠶᠠᠯᠠᠭᠰᠠᠨ ᠬᠡᠮᠡᠷᠯᠢᠭ ᠲᠤᠭ ᠨᠢ ᠤᠯᠠᠭᠠᠨᠪᠠᠯᠭᠠᠰᠤ ᠶᠢᠨ ᠰᠠᠨᠰᠠᠷ ᠤᠨ ᠠᠶᠠᠯᠠᠯ ᠤᠨ ᠦᠢᠯᠡᠰ ᠢ | ᠪᠦᠬᠦ ᠬᠦᠴᠦᠨ ᠢᠶᠠᠷ ᠢᠶᠠᠨ ᠪᠠᠲᠤᠯᠠᠭᠰᠠᠨ ᠢ ᠳᠡᠭᠡᠳᠦ ᠬᠡᠮᠵᠢᠶ᠎ᠡ ᠪᠠᠷ ᠨᠤᠲᠠᠯᠠᠭᠰᠠᠨ ᠪᠥᠭᠡᠳ ᠨᠡᠩ ᠴᠤ ᠰᠢᠨ᠎ᠡ ᠴᠠᠭ ᠦᠶ᠎ᠡ ᠶᠢᠨ ᠴᠡᠷᠢᠭ ᠠᠩᠭᠢ ᠪᠣᠯᠣᠨ ᠣᠷᠣᠨ | ᠨᠤᠲᠤᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠵᠠᠮ ᠳᠤ ᠠᠯᠬᠤᠨ ᠣᠷᠣᠭᠰᠠᠨ ᠢ ᠠᠮᠢᠳᠤᠯᠢᠭ ᠢᠶᠠᠷ | ᠭᠡᠷᠡᠴᠢᠯᠡᠭᠰᠡᠨ ᠪᠠᠶᠢᠨ᠎ᠠ᠃ | ᠣᠶᠢᠷ᠎ᠠ ᠶᠢᠨ ᠵᠢᠯ ᠤᠳ ᠲᠤ᠂ ᠤᠯᠠᠭᠠᠨᠪᠠᠯᠭᠠᠰᠤ ︽ᠤᠯᠤᠰ ᠤᠨ ᠲᠣᠮᠣ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂ ᠬᠠᠷᠢᠶ᠎ᠠ ᠭᠠᠵᠠᠷ ᠤᠨ ᠢᠶᠠᠨ | ᠬᠠᠷᠢᠭᠤᠴᠠᠯᠭ᠎ᠠ ᠪᠠᠨ ᠡᠷᠡᠰ ᠭᠦᠢᠴᠡᠳᠬᠡᠨ᠂ ᠴᠢᠬᠤᠯᠠ ᠡᠭᠦᠷᠭᠡ ᠶᠢ ᠣᠯᠠᠨᠲᠠ ᠠᠮᠵᠢᠯᠲᠠᠲᠠᠢ ᠪᠡᠶᠡᠯᠡᠭᠦᠯᠪᠡ᠃ ᠲᠣᠰ ᠤᠳᠠᠭ᠎ᠠ ᠡᠷᠦᠬᠡ ᠶᠢᠨ ᠴᠡᠷᠢᠭ ᠤᠨ ᠰᠠᠯᠪᠤᠷᠢ | ᠪᠠᠭ᠎ᠠ ᠠᠩᠭᠢ ᠶᠢ ᠪᠠᠶᠢᠭᠤᠯᠤᠨ᠂ ᠡᠯ᠎ᠡ ᠭᠠᠴᠠᠭ᠎ᠠ ᠲᠣᠰᠬᠤᠨ ᠤ ᠣᠯᠠᠨ ᠲᠦᠮᠡᠨ ᠬᠢᠭᠡᠳ ᠬᠠᠮᠢᠶ᠎ᠠ ᠪᠦᠬᠦᠢ ᠠᠵᠤ ᠠᠬᠤᠶᠢᠯᠠᠯ ᠢ ᠳᠠᠶᠢᠴᠢᠯᠠᠨ ᠬᠠᠮᠢᠶᠠᠷᠤᠨ ᠡᠵᠡᠮᠳᠡᠵᠦ᠂ | ︽ᠤᠯᠠᠭᠠᠨ ᠤ ᠬᠤᠷᠳᠤᠴᠠ︾ ᠪᠠᠷ ᠡᠬᠡ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠢ ᠬᠠᠮᠠᠭᠠᠯᠠᠪᠠ᠃ ᠤᠯᠠᠭᠠᠨᠪᠠᠯᠭᠠᠰᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠣᠷᠭᠢᠯ ᠲᠤᠭ ᠣᠯᠭᠤᠬᠤ ᠶᠣᠰᠣᠯᠠᠯ | ᠳᠡᠭᠡᠷ᠎ᠡ᠄ ︽ᠡᠨᠡ ᠬᠦ ᠬᠡᠮᠡᠷᠯᠢᠭ ᠲᠤᠭ ᠪᠣᠯ ᠢᠷᠠᠭᠤ ᠠᠯᠳᠠᠷ ᠮᠥᠨ ᠪᠥᠭᠡᠳ ᠨᠠᠩ ᠴᠤ ᠱᠠᠯᠠᠪᠳᠠᠭᠤᠯᠤᠯ ᠮᠥᠨ᠂ ᠪᠢᠳᠡ ᠨᠠᠮ ᠠᠴᠠ ᠵᠡᠪᠰᠡᠭᠲᠦ ᠬᠦᠴᠦᠨ ᠢ | ᠬᠠᠮᠢᠶᠠᠷᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠶᠠᠷ ᠢ ᠬᠦᠷᠢᠶᠡᠯᠡᠬᠦ ᠠᠵᠢᠯ ᠢ ᠤᠯᠠᠭᠠᠨᠪᠠᠯᠭᠠᠰᠤ ᠳᠤ ᠪᠠᠶᠢᠩᠭᠤ ᠥᠷᠨᠢᠭᠦᠯᠦᠨ᠎ᠡ︾ | ᠭᠡᠵᠦ ᠢᠯᠡᠷᠬᠡᠶᠢᠯᠡᠪᠡ᠃ | ᠲᠠᠷᠠᠭᠠᠴᠢ ᠶᠢᠨ ᠠᠯᠬᠤᠮ ᠳᠤ᠂ ᠤᠯᠠᠭᠠᠨᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠣᠰ ᠤᠳᠠᠭᠠᠨ ᠤ ᠬᠡᠮᠡᠷᠯᠢᠭ ᠲᠤᠭ ᠲᠣᠰᠣᠭᠰᠠᠨ | ᠶᠠᠪᠤᠳᠠᠯ ᠢᠶᠠᠷ ᠬᠥᠳᠡᠯᠭᠡᠬᠦ ᠬᠦᠴᠦᠨ ᠪᠣᠯᠭᠠᠨ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠰᠢᠨ᠎ᠡ ᠴᠠᠭ ᠦᠶ᠎ᠡ ᠶᠢᠨ ᠴᠡᠷᠢᠭ | ᠠᠩᠭᠢ ᠪᠣᠯᠣᠨ ᠣᠷᠣᠨ ᠨᠤᠲᠤᠭ ᠢ ᠠᠭᠤᠰᠤᠯᠴᠠᠭᠤᠯᠤᠨ ᠬᠥᠭᠵᠢᠭᠦᠯᠦᠭᠰᠡᠨ ᠬᠠᠭᠤᠳᠠᠰᠤ ᠶᠢ ᠪᠢᠴᠢᠭᠯᠡᠵᠦ᠂ ᠤᠯᠤᠰ ᠢᠶᠠᠨ ᠬᠦᠴᠦᠷᠬᠡᠭᠵᠢᠭᠦᠯᠬᠦ ᠴᠡᠷᠢᠭ ᠤᠨ | ᠶᠠᠪᠤᠳᠠᠯ ᠤᠨ ᠦᠢᠯᠡᠰ ᠲᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕ | | | |