ᠰᠣ᠋ ᡁᠢ ᠰᠢᠶᠦ᠋ᠡᠭ ᠪᠥᠬᠦ ᠬᠤᠰᠢᠭᠤᠨ ᠤ 2025 ᠣᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/9
      4 ᠳ᠋ᠦ᠋ᠭᠡᠷ ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ ᠪᠥᠬᠦ ᠬᠤᠰᠢᠭᠤᠨ ᠤ 2025 ᠣᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠤᠳᠤᠷᠢᠳᠤᠯᠭ᠎ᠠ ᠭᠦᠸᠧ ᠵᠣᠤ ᠬᠤᠢ᠂ ᠨᠠᠰᠤᠨᠳᠡᠯᠭᠡᠷ᠂ ᠪᠠᠲᠤᠮᠥ᠋ᠩᠬᠡ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠪᠠ᠃
W020250408382325871939.jpg
      ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠲᠦᠷᠦᠯ ᠵᠦᠢᠯ ᠤᠨ ᠲᠥᠯᠦᠪᠵᠢᠭᠦᠯᠭᠡ ᠳᠤ ᠲᠣᠬᠢᠷᠠᠭᠤᠯᠤᠯᠲᠠ ᠬᠢᠬᠦ ᠲᠥᠰᠥᠯ ᠢ ᠰᠣᠨᠣᠰᠤᠨ ᠬᠢᠨᠠᠨ ᠵᠥᠪᠯᠡᠵᠦ᠂ ᠠᠵᠤ ᠦᠢᠯᠡᠰ ᠤᠨ ᠪᠠᠶᠢᠷᠢᠰᠢᠭᠤᠯᠤᠯᠲᠠ᠂ ᠬᠤᠳᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠵᠡᠷᠭᠡ ᠠᠭᠤᠯᠭ᠎ᠠ ᠶᠢᠨ ᠲᠣᠭᠤᠷᠢᠨ ᠳᠤ ᠭᠦᠨᠵᠡᠭᠡᠢ ᠶᠠᠷᠢᠯᠴᠠᠪᠠ᠃      ᠰᠣ᠋ ᡁᠢ ᠰᠢᠶᠦ᠋ᠡᠭ ᠬᠡᠯᠡᠬᠦ ᠳᠡᠭᠡᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠣᠯ ᠬᠤᠳᠠ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠵᠠᠩᠭᠢᠯᠠᠭ᠎ᠠ ᠪᠣᠯᠣᠨ᠎ᠠ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠬᠤ᠂ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢᠰᠲ᠋ᠧᠮ ᠲᠠᠢ ᠲᠥᠯᠥᠪᠵᠢᠭᠦᠯᠦᠨ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠦᠨ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ᠃ ᠲᠥᠯᠦᠪᠵᠢᠭᠦᠯᠭᠡ ᠶᠢᠨ ᠣᠶᠢᠯᠠᠭᠠᠭᠳᠠᠬᠤᠨ᠂ ᠮᠡᠷᠭᠡᠵᠢᠯ ᠪᠣᠯᠣᠨ ᠠᠷᠭ᠎ᠠ ᠪᠠᠷᠢᠯ ᠤᠨ ᠰᠢᠨ᠎ᠡ ᠡᠭᠦᠳᠦᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠦᠨ᠂ ᠤᠷᠢᠳᠠᠴᠢ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠢ ᠲᠥᠯᠦᠪᠵᠢᠭᠦᠯᠭᠡ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠰᠢᠭᠤᠯᠤᠯᠲᠠ ᠪᠣᠯᠣᠨ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠬᠢᠭᠡᠳ ᠴᠢᠳᠠᠪᠬᠢ ᠴᠢᠨᠠᠷ ᠴᠢᠨᠰᠠᠭ᠎ᠠ ᠶᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠬᠤᠳᠠ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠬᠤᠳᠠ ᠶᠢᠨ ᠰᠢᠨᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠂ ᠡᠷᠴᠢᠮᠵᠢᠭᠰᠡᠨ ᠥᠨᠳᠥᠷ ᠪᠦᠲᠦᠮᠵᠢᠲᠡᠢ ᠦᠢᠯᠡᠳᠪᠦᠷᠢᠯᠡᠯ ᠤᠨ ᠣᠷᠣᠨ ᠵᠠᠢ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠣᠨ ᠵᠠᠢ᠂ ᠠᠭᠤᠯᠠ ᠨᠢ ᠬᠥᠬᠡ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠶᠢ ᠬᠦᠴᠦᠯᠡᠨ ᠪᠠᠶᠢᠭᠤᠯᠵᠤ᠂ ᠠᠷᠠᠳ ᠤᠯᠠᠨ ᠤ ᠠᠮᠢᠳᠤᠷᠠᠯ ᠢ ᠨᠡᠩ ᠲᠦᠭᠦᠮ᠂ ᠨᠡᠩ ᠲᠠᠭᠠᠯᠠᠮᠵᠢᠲᠠᠢ᠂ ᠨᠡᠩ ᠰᠠᠶᠢᠨ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠴᠢᠩᠭ᠎ᠠ ᠬᠢᠵᠠᠭᠠᠷᠯᠠᠯ ᠢ ᠴᠢᠩᠭᠠᠳᠬᠠᠵᠤ᠂ ︽ᠲᠥᠯᠦᠪᠵᠢᠭᠦᠯᠭᠡ ᠪᠣᠯ ᠳᠠᠷᠤᠢ ᠬᠠᠤᠯᠢ︾ ᠭᠡᠬᠦ ᠤᠬᠠᠮᠰᠠᠷ ᠢ ᠪᠠᠲᠤ ᠪᠤᠢ ᠪᠣᠯᠭᠠᠨ᠂ ᠭᠠᠵᠠᠷ ᠰᠢᠷᠣᠢ ᠶᠢᠨ ᠡᠬᠢ ᠪᠠᠶᠠᠯᠢᠭ ᠢ ᠠᠰᠢᠭᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠱᠠᠭᠠᠷᠳᠠᠨ ᠪᠠᠶᠢᠴᠠᠭᠠᠵᠤ ᠵᠢᠯᠤᠭᠤᠳᠬᠤ ᠠᠵᠢᠯ ᠤᠨ ᠠᠷᠭ᠎ᠠ ᠶᠢ ᠲᠡᠭᠦᠯᠳᠡᠷᠵᠢᠭᠦᠯᠦᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃    
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ