4 ᠳ᠋ᠦ᠋ᠭᠡᠷ ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠣ᠋ ᡁᠢ ᠰᠢᠶᠦ᠋ᠡᠭ | ᠪᠥᠬᠦ ᠬᠤᠰᠢᠭᠤᠨ ᠤ 2025 ᠣᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ ᠬᠤᠶᠠᠳᠤᠭᠠᠷ ᠤᠳᠠᠭᠠᠨ ᠤ | ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠤᠳᠤᠷᠢᠳᠤᠯᠭ᠎ᠠ ᠭᠦᠸᠧ ᠵᠣᠤ ᠬᠤᠢ᠂ ᠨᠠᠰᠤᠨᠳᠡᠯᠭᠡᠷ᠂ ᠪᠠᠲᠤᠮᠥ᠋ᠩᠬᠡ ᠵᠢᠴᠢ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠳ ᠣᠷᠣᠯᠴᠠᠪᠠ᠃ | ᠬᠤᠷᠠᠯ ᠳᠡᠭᠡᠷ᠎ᠡ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠲᠦᠷᠦᠯ ᠵᠦᠢᠯ ᠤᠨ ᠲᠥᠯᠦᠪᠵᠢᠭᠦᠯᠭᠡ ᠳᠤ ᠲᠣᠬᠢᠷᠠᠭᠤᠯᠤᠯᠲᠠ ᠬᠢᠬᠦ ᠲᠥᠰᠥᠯ ᠢ | ᠰᠣᠨᠣᠰᠤᠨ ᠬᠢᠨᠠᠨ ᠵᠥᠪᠯᠡᠵᠦ᠂ ᠠᠵᠤ ᠦᠢᠯᠡᠰ ᠤᠨ ᠪᠠᠶᠢᠷᠢᠰᠢᠭᠤᠯᠤᠯᠲᠠ᠂ ᠬᠤᠳᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠦᠷᠦᠯ ᠵᠦᠢᠯ ᠵᠡᠷᠭᠡ ᠠᠭᠤᠯᠭ᠎ᠠ ᠶᠢᠨ ᠲᠣᠭᠤᠷᠢᠨ ᠳᠤ ᠭᠦᠨᠵᠡᠭᠡᠢ ᠶᠠᠷᠢᠯᠴᠠᠪᠠ᠃ | ᠰᠣ᠋ ᡁᠢ ᠰᠢᠶᠦ᠋ᠡᠭ ᠬᠡᠯᠡᠬᠦ ᠳᠡᠭᠡᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠣᠯ ᠬᠤᠳᠠ ᠶᠢᠨ ᠬᠥᠭᠵᠢᠯᠲᠡ ᠶᠢ ᠬᠥᠲᠥᠯᠥᠨ | ᠳᠠᠭᠠᠭᠤᠯᠬᠤ ᠵᠠᠩᠭᠢᠯᠠᠭ᠎ᠠ ᠪᠣᠯᠣᠨ᠎ᠠ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠬᠤ᠂ ᠠᠵᠤ ᠠᠬᠤᠢ ᠨᠡᠶᠢᠭᠡᠮ ᠤᠨ | ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠪᠠᠶᠢᠭᠠᠯᠢ ᠶᠢᠨ | ᠡᠬᠢ ᠪᠠᠶᠠᠯᠢᠭ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢᠰᠲ᠋ᠧᠮ ᠲᠠᠢ ᠲᠥᠯᠥᠪᠵᠢᠭᠦᠯᠦᠨ᠂ ᠲᠥᠪ | ᠶᠣᠰᠣ ᠶᠢ ᠰᠠᠬᠢᠵᠤ ᠰᠢᠨ᠎ᠡ ᠶᠢ ᠡᠭᠦᠳᠦᠨ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ᠃ ᠲᠥᠯᠦᠪᠵᠢᠭᠦᠯᠭᠡ ᠶᠢᠨ | ᠣᠶᠢᠯᠠᠭᠠᠭᠳᠠᠬᠤᠨ᠂ ᠮᠡᠷᠭᠡᠵᠢᠯ ᠪᠣᠯᠣᠨ ᠠᠷᠭ᠎ᠠ ᠪᠠᠷᠢᠯ ᠤᠨ ᠰᠢᠨ᠎ᠡ ᠡᠭᠦᠳᠦᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ᠂ ᠦᠢᠯᠡᠳᠪᠦᠷᠢᠯᠡᠯ᠂ ᠠᠮᠢᠳᠤᠷᠠᠯ᠂ ᠠᠮᠢ | ᠠᠬᠤᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠦᠨ᠂ ᠤᠷᠢᠳᠠᠴᠢ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ | ᠴᠢᠨᠠᠷᠲᠠᠢ ᠲᠥᠯᠦᠪᠵᠢᠭᠦᠯᠭᠡ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠰᠢᠭᠤᠯᠤᠯᠲᠠ ᠪᠣᠯᠣᠨ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠤᠯᠲᠠ ᠶᠢ | ᠴᠢᠩᠭᠠᠳᠬᠠᠵᠤ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠬᠢᠭᠡᠳ ᠴᠢᠳᠠᠪᠬᠢ ᠴᠢᠨᠠᠷ ᠴᠢᠨᠰᠠᠭ᠎ᠠ ᠶᠢ ᠲᠠᠰᠤᠷᠠᠯᠳᠡ ᠦᠭᠡᠢ ᠳᠡᠭᠡᠭᠰᠢᠯᠡᠭᠦᠯᠬᠦ | ᠬᠡᠷᠡᠭᠲᠡᠢ᠃ ᠠᠷᠠᠳ ᠤᠨ ᠬᠤᠳᠠ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠬᠤᠳᠠ ᠶᠢᠨ ᠰᠢᠨᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ | ᠥᠷᠨᠢᠭᠦᠯᠦᠨ᠂ ᠡᠷᠴᠢᠮᠵᠢᠭᠰᠡᠨ ᠥᠨᠳᠥᠷ ᠪᠦᠲᠦᠮᠵᠢᠲᠡᠢ ᠦᠢᠯᠡᠳᠪᠦᠷᠢᠯᠡᠯ ᠤᠨ ᠣᠷᠣᠨ ᠵᠠᠢ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠣᠨ ᠵᠠᠢ᠂ | ᠠᠭᠤᠯᠠ ᠨᠢ ᠬᠥᠬᠡ ᠤᠰᠤ ᠨᠢ ᠲᠤᠩᠭᠠᠯᠠᠭ ᠠᠮᠢ ᠠᠬᠤᠢ ᠶᠢᠨ ᠣᠷᠣᠨ ᠵᠠᠢ ᠶᠢ ᠬᠦᠴᠦᠯᠡᠨ ᠪᠠᠶᠢᠭᠤᠯᠵᠤ᠂ ᠠᠷᠠᠳ ᠤᠯᠠᠨ ᠤ ᠠᠮᠢᠳᠤᠷᠠᠯ ᠢ ᠨᠡᠩ ᠲᠦᠭᠦᠮ᠂ ᠨᠡᠩ | ᠲᠠᠭᠠᠯᠠᠮᠵᠢᠲᠠᠢ᠂ ᠨᠡᠩ ᠰᠠᠶᠢᠨ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠴᠢᠩᠭ᠎ᠠ ᠬᠢᠵᠠᠭᠠᠷᠯᠠᠯ ᠢ ᠴᠢᠩᠭᠠᠳᠬᠠᠵᠤ᠂ ︽ᠲᠥᠯᠦᠪᠵᠢᠭᠦᠯᠭᠡ ᠪᠣᠯ ᠳᠠᠷᠤᠢ ᠬᠠᠤᠯᠢ︾ ᠭᠡᠬᠦ | ᠤᠬᠠᠮᠰᠠᠷ ᠢ ᠪᠠᠲᠤ ᠪᠤᠢ ᠪᠣᠯᠭᠠᠨ᠂ ᠭᠠᠵᠠᠷ ᠰᠢᠷᠣᠢ ᠶᠢᠨ ᠡᠬᠢ ᠪᠠᠶᠠᠯᠢᠭ ᠢ ᠠᠰᠢᠭᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠱᠠᠭᠠᠷᠳᠠᠨ ᠪᠠᠶᠢᠴᠠᠭᠠᠵᠤ ᠵᠢᠯᠤᠭᠤᠳᠬᠤ ᠠᠵᠢᠯ ᠤᠨ ᠠᠷᠭ᠎ᠠ ᠶᠢ ᠲᠡᠭᠦᠯᠳᠡᠷᠵᠢᠭᠦᠯᠦᠨ᠂ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠲᠥᠯᠦᠪᠵᠢᠭᠦᠯᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃ | | | | |