ᠮᠠᠨ ᠱᠢ ᠪᠦᠯᠦᠭᠯᠡᠯ ᠮᠠᠨ ᠤ ᠪᠠᠯᠭᠠᠰᠤᠨ ᠤ ᠬᠠᠶᠢᠳᠠᠢ ᠭᠠᠴᠠᠭ᠎ᠠ ᠳᠤ ᠰᠢᠨᠵᠢᠯᠡᠨ ᠪᠠᠶᠢᠴᠠᠭᠠᠯᠲᠠ ᠬᠢᠵᠦ  ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠰᠦᠪᠡᠭᠴᠢᠯᠡᠪᠡ
ᠨᠡᠶᠢᠲᠡᠯᠡᠭᠰᠡᠨ ᠴᠠᠭ᠄
2025/4/9
      ᠣᠷᠳᠣᠰ ᠬᠤᠲᠠ ᠶᠢᠨ ᠮᠠᠨ ᠱᠢ ᠪᠣᠬᠢᠷᠲᠤᠯ ᠦᠭᠡᠢ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ ᠮᠠᠨ ᠤ ᠪᠠᠯᠭᠠᠰᠤᠨ ᠤ ᠬᠠᠶᠢᠳᠠᠢ ᠭᠠᠴᠠᠭ᠎ᠠ ᠳᠤ ᠭᠦᠨᠵᠡᠭᠡᠶᠢᠷᠡᠵᠦ᠂ ᠨᠤᠲᠤᠭ ᠤᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠲᠤᠬᠠᠢ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢᠨ ᠠᠵᠢᠯ ᠢ ᠥᠷᠨᠢᠭᠦᠯᠪᠡ᠃ ᠮᠠᠨ ᠤ ᠪᠠᠯᠭᠠᠰᠤᠨ ᠤ ᠬᠤᠯᠪᠣᠭᠳᠠᠯ ᠪᠦᠬᠦᠢ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠠᠵᠤ ᠠᠬᠤᠶᠢᠯᠠᠯ ᠪᠣᠯᠣᠨ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠪᠠᠷ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢ ᠥᠷᠨᠢᠭᠦᠯᠦᠭᠰᠡᠨ ᠶᠤᠮ᠃ ᠣᠶᠢᠷ᠎ᠠ ᠶᠢᠨ ᠵᠢᠯ ᠳᠤ᠂ ᠬᠠᠶᠢᠳᠠᠢ ᠭᠠᠴᠠᠭ᠎ᠠ ᠶᠢᠨ ᠮᠠᠯᠴᠢᠨ ᠲᠠᠷᠢᠶᠠᠴᠢᠨ ᠬᠢᠭᠡᠳ ᠮᠠᠨ ᠱᠢ ᠪᠣᠬᠢᠷᠲᠤᠯ ᠦᠭᠡᠢ ᠢᠳᠡᠭᠡᠨ ᠤ ᠺᠣᠮᠫᠠᠨᠢ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠰᠤᠷᠠᠯᠲᠠ ᠦᠭᠡᠢ ᠥᠷᠭᠡᠳᠬᠦ ᠶᠢ ᠳᠠᠭᠠᠯᠳᠤᠨ᠂ ᠬᠤᠶᠠᠷ ᠲᠠᠯ᠎ᠠ ᠪᠠᠷ ᠢᠶᠠᠨ ᠡᠬᠢ ᠪᠠᠶᠠᠯᠢᠭ ᠢᠶᠠᠨ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠣᠳᠣᠬᠢᠴᠢᠯᠠᠭᠰᠠᠨ ᠨᠤᠲᠤᠭ ᠤᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃      ᠪᠠᠶᠢᠴᠠᠭᠠᠨ ᠰᠤᠳᠤᠯᠤᠯᠲᠠ ᠶᠢᠨ ᠠᠵᠢᠯᠲᠠᠳ ᠭᠠᠴᠠᠭᠠᠨ ᠤ ᠲᠡᠵᠢᠭᠡᠨ ᠦᠷᠡᠵᠢᠭᠦᠯᠬᠦ ᠡᠷᠦᠬᠡ ᠳᠤ ᠬᠦᠷᠴᠦ᠂ ᠲᠡᠵᠢᠭᠡᠯ ᠡᠪᠡᠰᠦ ᠪᠣᠷᠳᠣᠭᠠᠨ ᠤ ᠶᠠᠰᠤ ᠴᠢᠨᠠᠷ᠂ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ᠂ ᠰᠠᠭᠤᠷᠢ ᠲᠥᠬᠦᠭᠡᠷᠦᠮᠵᠢ ᠵᠡᠷᠭᠡ ᠵᠠᠩᠭᠢᠯᠠᠭ᠎ᠠ ᠶᠢᠨ ᠬᠦᠴᠦᠨ ᠵᠦᠢᠯ ᠢ ᠭᠤᠣᠯᠳᠠᠯᠭ᠎ᠠ ᠲᠠᠢ ᠪᠠᠶᠢᠴᠠᠭᠠᠨ᠂ ᠲᠤᠬᠠᠢ ᠶᠢᠨ ᠭᠠᠵᠠᠷ ᠤᠨ ᠲᠡᠵᠢᠭᠡᠨ ᠦᠷᠡᠵᠢᠭᠦᠯᠬᠦ ᠨᠥᠬᠦᠴᠡᠯ ᠳᠤ ᠪᠥᠬᠦ ᠲᠠᠯ᠎ᠠ ᠶᠢᠨ ᠦᠨᠡᠯᠡᠯᠲᠡ ᠬᠢᠪᠡ᠃ ᠵᠧᠦ ᠶᠢᠨ ᠰᠢᠶᠣᠣ ᠪᠠᠶᠢᠴᠠᠭᠠᠨ ᠰᠤᠳᠤᠯᠤᠯᠲᠠ ᠬᠢᠬᠦ ᠳᠡᠭᠡᠨ᠄ ︽ᠪᠢᠳᠡ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠤᠪᠢ ᠣᠷᠣᠭᠤᠯᠤᠭᠰᠠᠨ ᠬᠤᠷᠰᠢᠶ᠎ᠠ ᠶᠢᠨ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︿ᠠᠵᠤ ᠠᠬᠤᠶᠢᠯᠠᠯ + ᠬᠤᠷᠰᠢᠶ᠎ᠠ + ᠮᠠᠯᠴᠢᠨ ᠲᠠᠷᠢᠶᠠᠴᠢᠨ ᠡᠷᠦᠬᠡ﹀ ᠶᠢᠨ ᠬᠠᠮᠲᠤᠷᠠᠯᠴᠠᠭᠠᠨ ᠤ ᠵᠠᠭᠪᠤᠷ ᠢᠶᠠᠷ ᠳᠠᠮᠵᠢᠭᠤᠯᠤᠨ᠂ ᠲᠡᠷᠢᠭᠦᠨ ᠤ ᠲᠡᠵᠢᠭᠡᠨ ᠦᠷᠡᠵᠢᠭᠦᠯᠬᠦ ᠮᠡᠷᠭᠡᠵᠢᠯ ᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠂ ᠪᠣᠬᠢᠷᠲᠤᠯ ᠦᠭᠡᠢ᠂ ᠳᠡᠭᠡᠳᠦ ᠲᠠᠰ ᠤᠨ ᠥᠪᠡᠷᠮᠢᠴᠡ ᠣᠨᠴᠠᠯᠢᠭ ᠲᠠᠢ ᠦᠬᠡᠷ ᠤᠨ ᠮᠢᠬᠠᠨ ᠤ ᠨᠠᠷᠠᠲᠤ ᠲᠡᠮᠳᠡᠭ ᠢ ᠡᠭᠦᠳᠬᠦ ᠬᠡᠷᠡᠭᠲᠡᠢ︾ ᠭᠡᠵᠦ ᠴᠢᠬᠤᠯᠠᠴᠢᠯᠠᠪᠠ᠃      ᠤᠯᠠᠭᠠᠨᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠠᠪᠴᠤ ᠬᠡᠯᠡᠪᠡᠯ᠂ ᠲᠣᠰ ᠲᠥᠷᠥᠯ ᠵᠦᠢᠯ ᠢ ᠨᠠᠶᠢᠳᠠᠪᠤᠷᠢᠵᠢᠭᠤᠯᠪᠠᠯ ᠣᠯᠠᠨ ᠲᠠᠯ᠎ᠠ ᠪᠠᠷ ᠢᠶᠠᠨ ᠬᠠᠮᠲᠤᠪᠠᠷ ᠠᠰᠢᠭ ᠭᠥᠷᠳᠡᠬᠦ ᠪᠣᠯᠣᠨ᠎ᠠ᠄ ᠨᠢᠭᠡ ᠲᠠᠯ᠎ᠠ ᠪᠠᠷ ᠮᠠᠯᠴᠢᠨ ᠲᠠᠷᠢᠶᠠᠴᠢᠨ ᠬᠢᠭᠡᠳ ᠬᠠᠮᠲᠤ ᠶᠢᠨ ᠠᠵᠤ ᠠᠬᠤᠢ ᠳᠤ ᠣᠷᠣᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ ᠠᠷᠭ᠎ᠠ ᠵᠠᠮ ᠢ ᠨᠡᠭᠡᠭᠡᠨ ᠥᠭᠴᠦ᠂ ᠨᠥᠭᠦᠭᠡ ᠲᠠᠯ᠎ᠠ ᠪᠠᠷ ᠮᠠᠯ ᠠᠵᠤ ᠠᠬᠤᠢ ᠶᠢᠨ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠣᠶᠤᠨᠴᠢᠯᠠᠭᠰᠠᠨ ᠴᠢᠭᠯᠡᠯ ᠳᠠᠰᠢ ᠬᠥᠭᠵᠢᠬᠦ ᠶᠢ ᠠᠬᠢᠭᠤᠯᠤᠨ᠂ ︽ᠨᠢᠭᠡ ᠭᠠᠴᠠᠭ᠎ᠠ ᠲᠣᠰᠬᠤᠨ ᠨᠢᠭᠡ ᠪᠦᠲᠦᠭᠡᠭᠳᠡᠬᠦᠨ︾ ᠲᠠᠢ ᠪᠠᠶᠢᠬᠤ ᠣᠨᠴᠠᠯᠢᠭᠲᠤ ᠠᠵᠤ ᠦᠢᠯᠡᠰ ᠤᠨ ᠪᠠᠶᠢᠷᠢᠰᠢᠯ ᠢ ᠪᠣᠶ ᠪᠣᠯᠭᠠᠬᠤ ᠳᠤ ᠬᠦᠴᠦ ᠨᠡᠮᠡᠷᠢᠯᠡᠨ᠎ᠡ᠃ ᠪᠠᠯᠭᠠᠰᠤᠨ ᠤ ᠵᠠᠰᠠᠭ ᠤᠨ ᠣᠷᠳᠣᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠳᠤ ᠰᠢᠯᠢᠳᠡᠭ ᠨᠥᠬᠦᠴᠡᠯ ᠢ ᠪᠦᠷᠢᠯᠳᠦᠭᠦᠯᠦᠨ᠎ᠡ᠃      ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠨᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤ ᠪᠠᠲᠤ ᠰᠠᠭᠤᠷᠢ ᠶᠢ ᠲᠠᠯᠪᠢᠵᠠᠢ᠃ ᠳᠠᠷᠠᠭᠠᠴᠢ ᠪᠠᠷ᠂ ᠮᠠᠨ ᠤ ᠪᠠᠯᠭᠠᠰᠤ ᠮᠠᠨ ᠱᠢ ᠪᠣᠬᠢᠷᠲᠤᠯ ᠦᠭᠡᠢ ᠢᠳᠡᠭᠡᠨ ᠤ ᠺᠣᠮᠫᠠᠨᠢ ᠲᠠᠢ ᠨᠢᠭᠲᠠ ᠬᠠᠷᠢᠯᠴᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠠᠬᠢᠭᠤᠯᠤᠨ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ