ᠴᠢ ᠫᠠᠨ ᠵᠢᠩ ᠪᠠᠯᠭᠠᠰᠤᠨ ᠤ ᠬᠥ᠋ ᠶᠧ ᠨᠡᠶᠢᠭᠡᠮ ᠲᠣᠭᠤᠷᠢᠭ ︽ᠡᠷᠦᠬᠡ ᠳᠤ ᠣᠷᠣᠵᠤ ᠠᠷᠠᠳ ᠤᠨ ᠪᠠᠶᠢᠳᠠᠯ ᠢ ᠣᠶᠢᠯᠠᠭᠠᠨ  ᠦᠢᠯᠡᠴᠢᠯᠡᠭᠡ ᠶᠢ ᠰᠢᠯᠢᠳᠡᠭᠵᠢᠭᠦᠯᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/9
      ᠠᠷᠠᠳ ᠤᠨ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠵᠤ᠂ ᠠᠷᠠᠳ ᠤᠨ ᠬᠦᠴᠢᠷᠳᠡᠯ ᠢ ᠰᠢᠢᠳᠪᠦᠷᠢᠯᠡᠨ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ ᠬᠦ᠋ ᠶᠧ ᠨᠡᠶᠢᠭᠡᠮ ᠲᠣᠭᠤᠷᠢᠭ ︽ᠡᠷᠦᠭᠡ ᠳᠤ ᠬᠦᠷᠴᠦ ᠠᠷᠠᠳ ᠤᠨ ᠪᠠᠶᠢᠳᠠᠯ ᠢ ᠣᠶᠢᠯᠠᠭᠠᠨ᠂ ᠦᠢᠯᠡᠴᠢᠯᠡᠭᠡ ᠶᠢ ᠰᠢᠯᠢᠳᠡᠭᠵᠢᠭᠦᠯᠬᠦ︾ ᠠᠵᠢᠯᠯᠠᠭ᠎ᠠ ᠥᠷᠨᠢᠭᠦᠯᠵᠦ᠂ ᠡᠷᠦᠭᠡ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠪᠠᠶᠢᠴᠠᠭᠠᠨ ᠬᠠᠷᠭᠤᠭᠤᠯᠵᠤ᠂ ᠬᠠᠮᠢᠶ᠎ᠠ ᠪᠦᠬᠦᠢ ᠳᠠᠯᠳᠠ ᠭᠡᠮ ᠢ ᠪᠠᠶᠢᠴᠠᠭᠠᠨ᠂ ᠠᠷᠠᠳ ᠤᠨ ᠠᠮᠢᠳᠤᠷᠠᠯ ᠤᠨ ᠲᠦᠷᠦ ᠶᠢᠨ ᠪᠣᠳᠣᠯᠭ᠎ᠠ ᠶᠢ ᠤᠬᠠᠭᠤᠯᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠣᠶᠢᠯᠠᠭᠠᠪᠠ᠃      ᠨᠡᠶᠢᠭᠡᠮ ᠲᠣᠭᠤᠷᠢᠭ ᠤᠨ ᠠᠵᠢᠯᠲᠠᠳ ᠤᠯᠠᠨ ᠳᠤᠭᠤᠶᠢᠯᠠᠩ ᠬᠤᠪᠢᠶᠠᠵᠤ᠂ ᠬᠠᠷᠢᠶ᠎ᠠ ᠲᠣᠭᠤᠷᠢᠭ ᠲᠠᠬᠢ ᠡᠯ᠎ᠡ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠵᠦ ᠰᠠᠭᠤᠭᠠᠯᠢ ᠠᠷᠠᠳ ᠯᠤᠭ᠎ᠠ ᠳᠣᠲᠣᠨᠣ ᠶᠠᠷᠢᠯᠴᠠᠨ᠂ ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ᠂ ᠭᠡᠷ ᠪᠦᠯᠢ ᠶᠢᠨ ᠪᠠᠶᠢᠳᠠᠯ ᠢ ᠨᠠᠷᠢᠨ ᠠᠰᠠᠭᠤᠵᠤ᠂ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠬᠤ ᠶᠢᠨ ᠬᠠᠮᠲᠤ ᠰᠠᠭᠤᠭᠠᠯᠢ ᠠᠷᠠᠳ ᠤᠨ ᠮᠠᠳᠠᠭ ᠲᠠᠢ ᠠᠰᠠᠭᠤᠳᠠᠯ ᠳᠤ ᠬᠠᠷᠢᠭᠤᠯᠲᠠ ᠬᠢᠪᠡ᠃ ᠰᠠᠭᠤᠭᠠᠯᠢ ᠠᠷᠠᠳ ᠤᠨ ᠭᠡᠷ ᠲᠤ ᠬᠡᠷᠡᠭᠯᠡᠵᠦ ᠪᠠᠶᠢᠭ᠎ᠠ ᠰᠢᠩᠭᠡᠨᠵᠢᠮᠡᠯ ᠬᠡᠢ᠂ ᠴᠠᠬᠢᠯᠭᠠᠨ ᠪᠣᠯᠣᠨ ᠭᠠᠯ ᠤᠨ ᠠᠮᠤᠷ ᠲᠦᠪᠰᠢᠨ ᠤ ᠳᠠᠯᠳᠠ ᠭᠡᠮ ᠢ ᠳᠠᠷᠠᠭᠠᠯᠠᠨ ᠪᠠᠶᠢᠴᠠᠭᠠᠵᠤ᠂ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠡᠯ᠎ᠡ ᠲᠥᠷᠥᠯ ᠤᠨ ᠳᠠᠯᠳᠠ ᠬᠡᠮ ᠢ ᠢᠯᠡᠷᠡᠭᠦᠯᠦᠮᠡᠭᠴᠡ ᠠᠷᠢᠯᠭᠠᠪᠠ᠃ ᠠᠵᠢᠯᠲᠠᠳ ᠪᠠᠰᠠ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ᠂ ᠡᠮᠴᠢᠯᠡᠭᠡ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠠᠵᠢᠯ ᠣᠯᠭᠤᠬᠤ ᠲᠥᠷᠥ ᠶᠢᠨ ᠪᠣᠳᠣᠯᠭ᠎ᠠ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠰᠠᠭᠤᠭᠠᠯᠢ ᠠᠷᠠᠳ ᠲᠤ ᠴᠠᠭ ᠲᠤᠬᠠᠢ ᠳᠤᠨᠢ ᠲᠥᠷᠥ ᠶᠢᠨ ᠪᠣᠳᠣᠯᠭ᠎ᠠ ᠶᠢ ᠣᠶᠢᠯᠠᠭᠠᠭᠤᠯᠤᠨ ᠠᠰᠢᠭ ᠬᠦᠷᠲᠡᠭᠡᠪᠡ᠃      ᠲᠣᠰ ᠤᠳᠠᠭᠠᠨ ᠤ ᠡᠷᠦᠬᠡ ᠳᠤ ᠬᠦᠷᠴᠦ ᠪᠠᠶᠢᠳᠠᠯ ᠢ ᠣᠶᠢᠯᠠᠭᠠᠬᠤ ᠠᠵᠢᠯᠯᠠᠭ᠎ᠠ ᠨᠢ ᠲᠣᠣᠷᠴᠢᠯᠠᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠲᠣᠭᠤᠷᠢᠭ ᠬᠢᠭᠡᠳ ᠰᠠᠭᠤᠭᠠᠯᠢ ᠠᠷᠠᠳ ᠤᠨ ᠬᠤᠭᠤᠷᠣᠨᠳᠣᠬᠢ ᠬᠠᠷᠢᠴᠠᠭ᠎ᠠ ᠶᠢ ᠨᠢᠭᠲᠠᠷᠠᠭᠤᠯᠤᠨ᠂ ᠢᠲᠡᠭᠡᠯ ᠪᠣᠯᠣᠨ ᠦᠢᠯᠡᠳᠦᠯᠴᠡᠯ ᠢ ᠨᠢ ᠨᠡᠮᠡᠭᠳᠡᠭᠦᠯᠦᠨ᠂ ᠨᠡᠶᠢᠭᠡᠮ ᠲᠣᠭᠤᠷᠢᠭ ᠤᠨ ᠬᠤᠶᠢᠰᠢᠳᠠ ᠶᠢᠨ ᠦᠢᠯᠡᠴᠢᠯᠡᠭᠡᠨ ᠤ ᠠᠵᠢᠯ ᠳᠤ ᠲᠣᠳᠣᠷᠬᠠᠢ ᠴᠢᠭᠯᠡᠯ ᠢ ᠵᠢᠭᠠᠵᠤ ᠥᠭᠪᠡ᠃  
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ