︽ᠪᠠᠯᠭᠠᠰᠤᠨ ᠤ ᠺᠠᠳ᠋ᠷ ᠢ ᠳᠣᠷᠣᠭᠰᠢ ᠲᠣᠮᠢᠯᠠᠨ ᠭᠠᠴᠠᠭ᠎ᠠ ᠲᠣᠰᠬᠤᠨ ᠢ ᠬᠦᠴᠦᠷᠬᠡᠭᠵᠢᠭᠦᠯᠬᠦ︾ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠰᠦᠮᠡᠲᠦ | ᠭᠠᠴᠠᠭ᠎ᠠ ᠶᠢᠨ ᠺᠠᠳ᠋ᠷᠴᠤᠳ ᠭᠠᠴᠠᠭᠠᠨ ᠤ ︽ᠬᠤᠶᠠᠷ ᠵᠥᠪᠯᠡᠯ︾ ᠲᠠᠢ ᠪᠦᠯᠬᠦᠮᠳᠡᠨ ᠬᠠᠮᠵᠢᠯᠴᠠᠵᠤ᠂ ︽ᠯᠠᠪᠳᠠᠭᠤᠨ ᠪᠠᠲᠤᠲᠠᠢ ᠠᠵᠢᠯᠯᠠᠨ᠂ ᠬᠡᠪ ᠳᠠᠭᠤᠷᠢᠶᠠᠯ | ᠦᠵᠡᠭᠦᠯᠬᠦ︾ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠤᠨ ᠰᠠᠨᠠᠯ ᠢ ᠰᠣᠨᠣᠰᠤᠨ᠂ ᠬᠦᠴᠢᠷ ᠠᠰᠠᠭᠤᠳᠠᠯ ᠢ ᠨᠢ | ᠰᠢᠢᠳᠪᠦᠷᠢᠯᠡᠵᠦ᠂ ᠮᠠᠯᠴᠢᠨ ᠲᠠᠷᠢᠶᠠᠴᠢᠳ ᠤᠨ ᠰᠡᠳᠬᠢᠯ ᠢ ᠳᠤᠯᠠᠭᠠᠴᠠᠭᠤᠯᠪᠠ᠃ | ᠲᠥᠷᠥ ᠶᠢᠨ ᠪᠣᠳᠣᠯᠭ᠎ᠠ ᠶᠢ ᠰᠠᠶᠢᠲᠤᠷ ᠤᠬᠠᠭᠤᠯᠵᠤ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠪᠠ | ᠳᠣᠷᠣᠭᠰᠢ ᠪᠠᠭᠤᠭᠰᠠᠨ ᠺᠠᠳ᠋ᠷᠴᠤᠳ ᠡᠷᠦᠬᠡ ᠳᠤ ᠬᠦᠷᠴᠦ ᠪᠠᠶᠢᠳᠠᠯ ᠢ ᠣᠶᠢᠯᠠᠭᠠᠬᠤ᠂ ᠶᠠᠷᠢᠯᠴᠠᠬᠤ ᠬᠤᠷᠠᠯ ᠬᠢᠬᠦ ᠵᠡᠷᠭᠡ ᠣᠯᠠᠨ ᠵᠦᠢᠯ ᠤᠨ ᠬᠡᠯᠪᠡᠷᠢ ᠪᠠᠷ | ᠳᠠᠮᠵᠢᠭᠤᠯᠤᠨ᠂ ᠮᠣᠩᠭᠤᠯ ᠬᠢᠲᠠᠳ ᠬᠤᠣᠰ ᠬᠡᠯᠡ ᠪᠠᠷ ᠮᠠᠯᠴᠢᠨ ᠲᠠᠷᠢᠶᠠᠴᠢᠳ ᠲᠤ ︽ᠬᠤᠶᠠᠷ ᠢ ᠴᠠᠭᠠᠵᠠᠯᠠᠵᠤ ᠨᠢᠭᠡ ᠶᠢ ᠲᠡᠩᠴᠡᠭᠦᠷᠢᠲᠡᠢ ᠪᠠᠶᠢᠯᠭᠠᠬᠤ︾ | ᠲᠥᠷᠥ ᠶᠢᠨ ᠪᠣᠳᠣᠯᠭ᠎ᠠ ᠪᠣᠯᠣᠨ ᠣᠶ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠵᠥᠷᠢᠴᠡᠨ ᠠᠲᠠᠷ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠬᠤ ᠬᠠᠤᠯᠢ | ᠴᠠᠭᠠᠵᠠ ᠬᠠᠤᠯᠢ ᠲᠣᠭᠲᠠᠭᠠᠯ ᠢ ᠨᠠᠷᠢᠨ ᠲᠠᠶᠢᠯᠪᠤᠷᠢᠯᠠᠵᠤ᠂ ᠶᠠᠷᠢᠯᠴᠠᠭᠠᠨ ᠤ ᠳᠤᠮᠳᠠ ᠮᠠᠯᠴᠢᠨ ᠲᠠᠷᠢᠶᠠᠴᠢᠳ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠬᠢᠭᠡᠳ | ᠬᠦᠴᠢᠷᠳᠡᠯ ᠢ ᠣᠶᠢᠯᠠᠭᠠᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠡᠳᠬᠢᠯ ᠳᠤ ᠬᠠᠳᠠᠩᠰᠢᠭᠤᠯᠵᠤ᠂ ᠮᠠᠯᠴᠢᠨ ᠲᠠᠷᠢᠶᠠᠴᠢᠳ ᠤᠨ ᠠᠮᠢ ᠠᠬᠤᠢ ᠶᠢᠨ | ᠬᠤᠷᠢᠭ᠎ᠠ ᠱᠤᠭᠤᠮ ᠤᠨ ᠤᠬᠠᠮᠰᠠᠷ ᠢ ᠴᠢᠩᠭᠠᠳᠬᠠᠪᠠ᠃ | ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ ᠠᠷᠠᠳ ᠤᠨ ᠬᠦᠴᠢᠷᠳᠡᠯ ᠢ ᠠᠷᠢᠯᠭᠠᠨ ᠡᠪᠡᠰᠦ ᠪᠣᠷᠳᠤᠭ᠎ᠠ ᠶᠢ ᠡᠩ ᠤᠨ ᠦᠨ᠎ᠡ ᠪᠠᠷ ᠪᠣᠷᠣᠯᠠᠭᠤᠯᠵᠤ | ᠦᠢᠯᠡᠳᠪᠦᠷᠢᠯᠡᠯ ᠢ ᠬᠠᠮᠠᠭᠠᠯᠠᠪᠠ | ᠬᠠᠪᠤᠷ ᠤᠨ ᠰᠡᠯᠭᠦᠨ ᠮᠠᠯᠵᠢᠬᠤ ᠬᠤᠭᠤᠴᠠᠭᠠᠨ ᠳᠤ ᠮᠠᠯᠴᠢᠨ ᠲᠠᠷᠢᠶᠠᠴᠢᠨ ᠤ ᠡᠪᠡᠰᠦ ᠪᠣᠷᠳᠤᠭ᠎ᠠ ᠶᠢᠨ ᠨᠥᠭᠡᠴᠡ ᠬᠦᠷᠦᠯᠴᠡᠬᠦ ᠦᠭᠡᠢ ᠪᠠᠶᠢᠬᠤ ᠪᠣᠳᠠᠲᠠᠢ | ᠬᠦᠴᠢᠷᠳᠡᠯ ᠳᠤ ᠴᠢᠭᠯᠡᠭᠦᠯᠦᠨ᠂ ᠳᠣᠷᠣᠭᠰᠢ ᠪᠠᠭᠤᠭᠰᠠᠨ ᠺᠠᠳ᠋ᠷᠴᠤᠳ ᠭᠠᠴᠠᠭᠠᠨ ᠤ ︽ᠬᠤᠶᠠᠷ ᠵᠥᠪᠯᠡᠯ︾ ᠤᠨ ᠬᠢᠨ ᠡᠯ᠎ᠡ ᠲᠠᠯ᠎ᠠ ᠶᠢᠨ ᠡᠬᠢ ᠪᠠᠶᠠᠯᠢᠭ ᠢ ᠢᠳᠡᠪᠬᠢᠲᠡᠢ | ᠵᠣᠬᠢᠴᠠᠭᠤᠯᠵᠤ᠂ ᠲᠤᠬᠠᠢ ᠶᠢᠨ ᠭᠠᠵᠠᠷ ᠤᠨ ᠬᠤᠷᠰᠢᠶ᠎ᠠ ᠯᠤᠭ᠎ᠠ ᠡᠪᠡᠰᠦ ᠪᠣᠷᠳᠤᠭ᠎ᠠ ᠬᠠᠩᠭᠠᠬᠤ ᠬᠠᠮᠲᠤᠷᠠᠯᠴᠠᠭ᠎ᠠ ᠬᠢᠵᠦ᠂ ᠵᠠᠬ᠎ᠠ ᠳᠡᠯᠭᠡᠭᠦᠷ ᠤᠨ ᠦᠨ᠎ᠡ ᠨᠢ ᠲᠤᠨ | ᠪᠦᠷᠢ 1200 ᠲᠥᠭᠦᠷᠢᠭ ᠤᠨ ᠡᠪᠡᠰᠦ ᠪᠣᠷᠳᠤᠭ᠎ᠠ ᠶᠢ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠲᠤ ᠲᠣᠨ ᠪᠦᠷᠢ 850 ᠲᠥᠭᠦᠷᠢᠭ ᠪᠣᠯᠭᠠᠵᠤ | ᠬᠢᠮᠳᠠᠷᠠᠭᠤᠯᠤᠨ ᠬᠤᠳᠠᠯᠳᠤᠪᠠ᠂ ᠡᠭᠦᠨ ᠤ ᠰᠠᠭᠤᠷᠢᠨ ᠳᠡᠭᠡᠷ᠎ᠡ᠂ ᠭᠠᠴᠠᠭᠠᠨ ᠤ ᠬᠠᠮᠲᠤ ᠶᠢᠨ ᠠᠵᠤ ᠠᠬᠤᠢ ᠠᠴᠠ ᠡᠷᠦᠬᠡ ᠪᠦᠷᠢ ᠳᠤ 450 ᠲᠥᠭᠦᠷᠢᠭ ᠤᠨ ︽ | ᠠᠩᠬ᠎ᠠ ᠬᠤᠳᠠᠯᠳᠤᠨ ᠠᠪᠬᠤ ᠨᠥᠬᠦᠪᠦᠷᠢ︾ ᠣᠯᠭᠤᠪᠠ᠃ | ᠲᠠᠷᠠᠭᠠᠴᠢ ᠶᠢᠨ ᠠᠯᠬᠤᠮ ᠳᠤ᠂ ᠰᠦᠮᠡᠲᠦ ᠭᠠᠴᠠᠭᠠᠨ ᠤ ᠺᠠᠳ᠋ᠷᠴᠤᠳ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠮᠠᠯᠴᠢᠨ | ᠲᠠᠷᠢᠶᠠᠴᠢᠨ ᠤ ᠪᠣᠳᠠᠲᠠᠢ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠠᠮᠢ ᠠᠬᠤᠢ ᠶᠢᠨ ᠬᠠᠮᠠᠭᠠᠯᠠᠯᠲᠠ᠂ ᠠᠵᠤ ᠦᠢᠯᠡᠰ ᠤᠨ ᠬᠥᠭᠵᠢᠯᠲᠡ ᠳᠤ | ᠦᠷᠭᠦᠯᠵᠢᠯᠡᠨ ᠬᠦᠴᠦᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠠᠩ ᠡᠷᠴᠢᠮᠲᠡᠢ ᠠᠬᠢᠭᠤᠯᠤᠨ᠎ᠠ᠃ | | | | | |