ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠷᠡᠭᠦᠯ ᠪᠣᠯᠪᠠᠰᠤᠨ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 7 ᠤ ᠡᠳᠦᠷ᠂ ᠮᠸᠡᠭ ᠰᠢ ᠨᠡᠶᠢᠭᠡᠮ ᠲᠣᠭᠤᠷᠢᠭ ︽ | ᠦᠨᠳᠦᠰᠦᠲᠡᠨ ᠨᠦᠭᠦᠳ ᠨᠢᠭᠡ ᠭᠡᠷ ᠤᠨ ᠬᠥᠮᠥᠨ ᠮᠡᠲᠦ ᠪᠦᠯᠬᠦᠮᠳᠡᠵᠦ᠂ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ ᠢᠳᠡᠪᠬᠢᠯᠡᠨ | ᠣᠷᠣᠯᠴᠠᠬᠤ︾ ᠭᠡᠬᠦ ᠭᠤᠣᠯ ᠰᠡᠳᠦᠪ ᠢᠶᠠᠷ ᠠᠮᠢᠵᠢᠷᠠᠯ ᠤᠨ ᠬᠦᠴᠦᠨ ᠪᠢᠯᠬᠠᠭᠰᠠᠨ᠂ ᠨᠥᠬᠦᠷᠯᠡᠯ ᠢ ᠵᠤᠵᠠᠭᠠᠳᠬᠠᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠲᠠᠮᠢᠷ ᠤᠨ ᠤᠷᠤᠯᠳᠤᠭᠠᠨ ᠢ ᠠᠮᠵᠢᠯᠲᠠ ᠲᠠᠢ ᠡᠷᠭᠢᠯᠡᠪᠡ᠃ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠨᠢᠭᠡ ᠳᠣᠣᠷ᠎ᠠ ᠬᠤᠷᠠᠨ | ᠴᠤᠭᠯᠠᠷᠠᠵᠤ᠂ ᠪᠠᠶᠠᠷᠯᠠᠵᠤ ᠬᠥᠭᠡᠷᠦᠯᠳᠦᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠶᠢᠬᠠᠨ ᠵᠢᠷᠤᠭ ᠢ ᠬᠠᠮᠲᠤᠪᠠᠷ ᠪᠢᠴᠢᠭᠯᠡᠪᠡ︕ | ᠲᠠᠮᠢᠷ ᠤᠨ ᠴᠤᠭᠯᠠᠭᠠᠨ ᠳᠤ ᠲᠡᠪᠡᠭ ᠢᠰᠬᠦᠯᠬᠦ᠂ ᠲᠡᠩᠴᠡᠭᠦᠷᠢᠰᠢᠯ ᠢ ᠪᠠᠲᠤᠯᠠᠬᠤ᠂ ᠪᠤᠤᠯᠢᠩ ᠪᠥᠮᠪᠦᠭᠡ ᠨᠠᠭᠠᠳᠬᠤ᠂ ᠲᠡᠪᠡᠭ ᠰᠢᠳᠡᠬᠦ ᠵᠡᠷᠭᠡ ᠡᠯᠪᠡᠭ | ᠠᠭᠤᠯᠭ᠎ᠠ ᠪᠦᠬᠦᠢ ᠤᠷᠤᠯᠳᠤᠭᠠᠨ ᠨᠤᠭᠤᠳ ᠢ ᠲᠣᠬᠢᠷᠠᠭᠤᠯᠤᠭᠰᠠᠨ ᠪᠠᠶᠢᠨ᠎ᠠ᠃ ᠬᠡᠦᠬᠡᠳ᠂ ᠵᠠᠯᠠᠭᠤᠴᠤᠳ᠂ ᠨᠠᠰᠤᠲᠠᠶᠢᠴᠤᠳ ᠤᠨ ᠠᠯᠢ ᠨᠢ ᠴᠦ ᠭᠡᠰᠡᠨ ᠪᠦᠷ | ᠪᠡᠶ᠎ᠡ ᠳᠡᠭᠡᠨ ᠲᠣᠬᠢᠷᠠᠭᠰᠠᠨ ᠲᠦᠷᠦᠯ ᠵᠦᠢᠯ ᠢ ᠣᠯᠵᠤ᠂ ᠪᠠᠶᠠᠷ ᠴᠡᠩᠭᠡᠯ ᠤᠨ ᠳᠤᠮᠳᠠ ᠬᠥᠷᠰᠢ ᠵᠡᠷᠭᠡᠯᠡᠳᠡᠭᠡ ᠶᠢᠨ ᠢᠶᠠᠨ ᠬᠤᠭᠤᠷᠣᠨᠳᠣᠬᠢ ᠬᠠᠷᠢᠯᠴᠠᠭ᠎ᠠ ᠶᠢ | ᠰᠠᠶᠢᠵᠢᠷᠠᠭᠤᠯᠪᠠ᠃ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠭᠠᠳ ᠤᠷᠤᠯᠳᠤᠭᠠᠨ ᠨᠢᠭᠡᠪᠦᠷᠢ ᠠᠴᠠ ᠲᠦᠷᠦᠭᠦᠦ ᠨᠠᠢᠮᠠᠨ ᠨᠡᠷ᠎ᠡ ᠶᠢ ᠠᠪᠴᠦ ᠪᠡᠯᠡᠭ ᠥᠭᠪᠡ᠃ | ᠲᠣᠰ ᠤᠳᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠨᠢ ᠰᠠᠭᠤᠭᠠᠯᠢ ᠠᠷᠠᠳ ᠤᠨ ᠪᠡᠶ᠎ᠡ ᠮᠠᠬᠠᠪᠤᠳ ᠢ ᠴᠢᠭᠢᠷᠠᠭᠵᠢᠭᠤᠯᠤᠭᠰᠠᠨ ᠢᠶᠠᠷ | ᠪᠠᠷᠠᠬᠤ ᠦᠭᠡᠢ᠂ ᠨᠠᠩ ᠴᠤ ᠦᠨᠳᠦᠰᠦᠲᠡᠨ ᠨᠦᠭᠦᠳ ᠤᠨ ᠬᠠᠷᠢᠯᠴᠠᠵᠤ ᠶᠠᠪᠤᠯᠴᠠᠬᠤ ᠲᠠᠪᠴᠠᠩ ᠢ ᠪᠠᠶᠢᠭᠤᠯᠵᠤ᠂ ︽ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ | ᠬᠠᠪᠰᠤᠷᠤᠯᠴᠠᠬᠤ᠂ ᠡᠶ᠎ᠡ ᠵᠣᠬᠢᠴᠠᠯ ᠲᠠᠢ︾ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠣᠶ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠬᠢᠵᠢᠭᠦᠯᠪᠡ᠃ | | |