ᠲᠤᠰᠢᠶᠠᠯ᠄ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠤᠯᠠᠭᠠᠨᠪᠠᠯᠭᠠᠰᠣᠨ ᠤ ᠨᠠᠮ ᠤᠨ | ᠬᠤᠷᠢᠶ᠎ᠠ ᠶᠢᠨ ᠱᠦᠵᠢ | ᠠᠵᠢᠯ ᠤᠨ ᠬᠤᠪᠢᠶᠠᠷᠢᠯᠠᠯ᠄ | ᠭᠤᠸ ᠬᠤᠸᠠᠢ ᠵᠢᠩ ᠨᠥᠬᠦᠷ ᠢ ᠬᠠᠮᠵᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ | ᠨᠠᠶᠢᠳᠠᠯᠭ᠎ᠠ ᠪᠠᠷ ᠪᠤᠰᠤᠳ ᠠᠵᠢᠯ ᠢ ᠠᠳᠬᠤᠨ᠎ᠠ︔ ᠤᠯᠤᠰ ᠲᠦᠷᠦ ᠬᠠᠤᠯᠢ ᠴᠠᠭᠠᠵᠠ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠬᠠᠤᠯᠢ ᠶᠣᠰᠣᠭᠠᠷ | ᠬᠤᠰᠢᠭᠤ ᠪᠠᠨ ᠵᠠᠰᠠᠬᠤ᠂ ᠤᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ︔ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ᠪᠥᠬᠦ ᠲᠠᠯ᠎ᠠ ᠶᠢᠨ ᠠᠵᠢᠯ ᠢ ᠡᠷᠬᠢᠯᠡᠨ᠎ᠡ︔ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠣᠲᠤᠭ ᠬᠤᠰᠢᠭᠤᠨ ᠤ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠢ ᠬᠤᠪᠢᠶᠠᠨ ᠬᠠᠮᠢᠶᠠᠷᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠤᠷᠭᠠᠨ ᠬᠥᠮᠦᠵᠢᠯ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠶᠠᠪᠤᠳᠠᠯ ᠤᠨ ᠠᠵᠢᠯ ᠢ ᠬᠠᠷᠢᠯᠴᠠᠵᠤ ᠵᠢᠯᠣᠭᠤᠳᠤᠨ᠎ᠠ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠬᠤᠰᠢᠭᠤᠨ ᠤ ᠰᠢᠭᠦᠬᠦ ᠬᠤᠷᠢᠶ᠎ᠠ᠂ ᠬᠤᠰᠢᠭᠤᠨ ᠤ ᠪᠠᠶᠢᠴᠠᠭᠠᠬᠤ ᠬᠤᠷᠢᠶ᠎ᠠ ᠪᠠ ᠪᠠᠷᠠᠭᠤᠨ ᠣᠷᠳᠣᠰ ᠤᠯᠤᠰ ᠤᠨ ᠲᠠᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ︵ᠣᠲᠤᠭ ᠤᠨ ᠠᠪᠤᠷᠭᠤ ᠭᠦᠷᠪᠡᠯ ᠤᠨ ᠮᠥᠷ ᠤᠨ ᠴᠢᠯᠠᠭᠤᠵᠢᠮᠠᠯ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ︶᠂ ᠳᠤᠰᠤᠳᠤ ᠶᠢᠨ ᠭᠤᠣᠯ ᠤᠨ ᠨᠠᠮᠤᠭ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠲᠠ ᠶᠢᠨ ᠲᠣᠪᠴᠢᠶ᠎ᠠ ᠲᠠᠢ ᠬᠠᠷᠢᠯᠴᠠᠨ᠎ᠠ᠃ | ᠲᠣᠪᠴᠢ ᠨᠠᠮᠲᠠᠷ᠄ | ᠰᠢᠶᠧ ᠢᠦᠢ᠂ ᠡᠷᠡᠭᠲᠡᠢ᠂ ᠮᠣᠩᠭᠤᠯ ᠦᠨᠳᠦᠰᠦᠲᠡᠨ᠂ 1979 ᠣᠨ ᠤ 11 ᠳ᠋ᠦ᠋ᠭᠡᠷ ᠰᠠᠷ᠎ᠠ ᠳᠤ ᠲᠦᠷᠦᠵᠡᠢ᠂ ᠠᠰᠫᠢᠷᠠᠨᠲ ᠤᠨ ᠰᠤᠷᠤᠯᠭ᠎ᠠ ᠶᠢᠨ | ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ | ᠤᠳᠤ ᠣᠲᠤᠭ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ | ᠤᠯᠠᠭᠠᠨᠪᠠᠯᠭᠠᠰᠣᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ | |