2025 ᠣᠨ ᠤ 1︱2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ | ᠲᠥᠷᠥᠯ ᠵᠦᠢᠯ ᠨᠡᠶᠢᠲᠡ 68 ︵ᠭᠡᠷ ᠪᠠᠶᠢᠰᠢᠩ ᠭᠠᠵᠠᠷ ᠬᠥᠷᠥᠩᠭᠡ ᠶᠢᠨ 8 ᠲᠥᠷᠥᠯ ᠵᠦᠢᠯ ᠪᠠᠭᠲᠠᠨ᠎ᠠ︶ ᠪᠠᠶᠢᠵᠤ᠂ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 21.9% ᠪᠠᠷ ᠨᠡᠮᠡᠭᠳᠡᠪᠡ᠃ | ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ᠃ 1 — 2 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ | ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 21.9% ᠪᠠᠷ ᠨᠡᠮᠡᠭᠳᠡᠵᠦ᠂ ᠪᠦᠭᠦ ᠪᠡᠯᠡ ᠣᠷᠣᠭᠤᠯᠤᠯᠲᠠ ᠶᠢᠨ ᠨᠡᠮᠡᠭᠳᠡᠯ ᠢ | ᠵᠠᠭᠤᠨ ᠤ 21.9 ᠨᠢᠭᠡᠴᠢ ᠳᠠᠶᠢᠴᠢᠯᠠᠪᠠ᠃ ᠡᠭᠦᠨ ᠳᠤ᠄ ᠰᠠᠭᠤᠷᠢ ᠲᠥᠬᠦᠭᠡᠷᠦᠮᠵᠢ ᠶᠢᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 398.7% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢ ᠠᠳᠠᠯᠢ ᠬᠤᠭᠤᠴᠠᠭᠠᠨ ᠤ ᠬᠢ ᠠᠴᠠ ᠵᠠᠭᠤᠨ ᠤ 78 ᠨᠢᠭᠡᠴᠢ ᠨᠡᠮᠡᠭᠳᠡᠭᠦᠯᠵᠦ᠂ | ᠬᠤᠶᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 80% ᠬᠦᠷᠴᠤ᠂ ᠠᠵᠤ ᠦᠢᠯᠡᠳᠪᠦᠷᠢ ᠶᠢᠨ ᠪᠡᠯᠡ | ᠣᠷᠣᠭᠤᠯᠤᠯᠲᠠ ᠶᠢᠨ ᠲᠦᠷᠭᠡᠨ ᠢᠶᠠᠷ ᠨᠡᠮᠡᠭᠳᠡᠬᠦ ᠶᠢᠨ ᠭᠤᠣᠯ ᠳᠠᠶᠢᠴᠢᠯᠠᠬᠤ ᠬᠦᠴᠦᠨ ᠵᠦᠢᠯ ᠪᠣᠯᠤᠭᠰᠠᠨ ᠪᠠᠶᠢᠨ᠎ᠠ᠃ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠳᠠᠶᠢᠴᠢᠯᠠᠬᠤ ᠦᠢᠯᠡᠳᠦᠯ ᠢᠯᠡᠷᠬᠡᠢ ᠪᠠᠶᠢᠨ᠎ᠠ᠃ 1 — 2 | ᠳ᠋ᠤᠭᠠᠷ ᠰᠠᠷ᠎ᠠ ᠳᠤ᠂ ᠪᠥᠬᠦ ᠪᠡᠯᠡ ᠣᠷᠣᠭᠤᠯᠤᠯᠲᠠ ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠨᠢ | ᠠᠳᠠᠯᠢ ᠬᠤᠭᠤᠴᠠᠭᠠᠨ ᠤ ᠬᠢ ᠠᠴᠠ 22.8% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢ ᠠᠳᠠᠯᠢ ᠬᠤᠭᠤᠴᠠᠭᠠᠨ ᠤ ᠬᠢ ᠠᠴᠠ ᠵᠠᠭᠤᠨ ᠤ 22 ᠨᠢᠭᠡᠴᠢ | ᠨᠡᠮᠡᠭᠳᠡᠭᠦᠯᠦᠨ᠂ ᠪᠥᠬᠦ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠬᠤᠪᠢ ᠶᠢᠨ ᠵᠢᠩ ᠤᠨ 97.4% ᠶᠢ ᠡᠵᠡᠯᠡᠪᠡ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ︽ᠰᠠᠭᠤᠷᠢ ᠴᠢᠯᠠᠭᠤ︾ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠪᠥᠬᠦ ᠬᠤᠰᠢᠭᠤᠨ ᠤ ᠪᠡᠯᠡ | ᠣᠷᠣᠭᠤᠯᠤᠯᠲᠠ ᠶᠢᠨ ᠨᠡᠮᠡᠭᠳᠡᠯ ᠢ ᠲᠣᠭᠲᠠᠪᠤᠷᠢᠵᠢᠭᠤᠯᠪᠠ᠃ | ᠪᠠᠷᠢᠯᠭ᠎ᠠ ᠶᠢᠨ ᠤᠭᠰᠠᠷᠠᠬᠤ ᠠᠵᠢᠯ ᠤᠨ ᠪᠡᠯᠡ ᠣᠷᠣᠭᠤᠯᠤᠯᠲᠠ ᠶᠢᠨ ᠠᠬᠢᠴᠠ ᠨᠡᠯᠢᠶᠡᠳ ᠲᠦᠷᠭᠡᠨ ᠪᠠᠶᠢᠨ᠎ᠠ᠃ 1 — 2 ᠳ᠋ᠤᠭᠠᠷ ᠰᠠᠷ᠎ᠠ ᠳᠤ᠂ | ᠪᠠᠷᠢᠯᠭ᠎ᠠ ᠶᠢᠨ ᠤᠭᠰᠠᠷᠠᠬᠤ ᠢᠨᠵᠧᠨᠧᠷᠢᠩ ᠪᠣᠯᠣᠨ ᠲᠥᠬᠦᠭᠡᠷᠦᠮᠵᠢ ᠬᠤᠳᠠᠯᠳᠤᠨ ᠠᠪᠬᠤ ᠪᠡᠯᠡ ᠣᠷᠣᠭᠤᠯᠤᠯᠲᠠ ᠶᠢᠨ ᠪᠦᠭᠦ ᠬᠤᠰᠢᠭᠤᠨ ᠤ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 88.3% ᠳᠤ ᠬᠦᠷᠪᠡ᠃ ᠡᠭᠦᠨ ᠳᠤ᠂ ᠪᠣᠳᠠᠲᠤ ᠪᠣᠳᠠᠰ ᠤᠨ ᠠᠵᠢᠯ ᠤᠨ | ᠬᠡᠮᠵᠢᠶ᠎ᠡ ᠶᠢ ᠲᠤᠰᠬᠠᠭᠰᠠᠨ ᠪᠠᠷᠢᠯᠭ᠎ᠠ ᠶᠢᠨ ᠤᠭᠰᠠᠷᠠᠬᠤ ᠢᠨᠵᠧᠨᠧᠷᠢᠩ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 144.5% ᠪᠠᠷ ᠨᠡᠮᠡᠭᠳᠡᠵᠦ᠂ ᠠᠵᠤ ᠠᠬᠤᠶᠢᠯᠠᠯ ᠤᠨ ᠥᠷᠭᠡᠳᠬᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠤᠰᠬᠠᠭᠰᠠᠨ ᠲᠣᠨᠤᠭ ᠲᠥᠬᠦᠭᠡᠷᠦᠮᠵᠢ ᠪᠠᠭᠠᠵᠢ | ᠬᠡᠷᠡᠭᠰᠡᠯ ᠬᠤᠳᠠᠯᠳᠤᠨ ᠠᠪᠴᠤ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 35.1% ᠪᠠᠷ ᠪᠠᠭᠤᠷᠠᠪᠠ᠃ ᠡᠭᠦᠨ ᠠᠴᠠ ᠭᠠᠳᠠᠨ᠎ᠠ᠂ | ᠠᠵᠤ ᠠᠬᠤᠶᠢᠯᠠᠯ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠶᠠᠪᠤᠴᠠ ᠳᠤ ᠪᠣᠶ ᠪᠣᠯᠤᠭᠰᠠᠨ ᠪᠤᠰᠤᠳ ᠵᠠᠷᠤᠳᠠᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 66.4% ᠪᠠᠷ ᠨᠡᠮᠡᠭᠳᠡᠪᠡ᠃ |