1 — 2 ᠳ᠋ᠤᠭᠠᠷ ᠰᠠᠷ᠎ᠠ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠡᠷᠭᠢᠯᠲᠡ ᠶᠢᠨ ᠪᠠᠶᠢᠳᠠᠯ ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄
2025/4/9
      1 — 2 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠳᠤ ᠡᠨᠧᠷᠭᠢ ᠶᠢᠨ ᠬᠠᠩᠭᠠᠯᠭ᠎ᠠ ᠲᠣᠭᠲᠠᠭᠤᠨ ᠪᠤᠰᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠬᠤᠪᠢᠷᠠᠯᠲᠠ ᠣᠯᠠᠨ ᠵᠡᠷᠭᠡ ᠬᠦᠴᠢᠷᠲᠡᠢ ᠪᠠᠶᠢᠳᠠᠯ ᠢᠯᠡᠷᠡᠵᠦ᠂ ᠠᠵᠤ ᠠᠬᠤᠶᠢᠯᠠᠯ ᠤᠨ ᠬᠠᠳᠠᠭᠠᠯᠠᠮᠵᠢ ᠳᠠᠷᠤᠭᠳᠠᠨ᠂ ᠡᠵᠡᠩᠨᠡᠯᠲᠡ ᠳᠤ ᠰᠠᠭᠠᠳ ᠤᠴᠠᠷᠠᠭᠤᠯᠵᠠᠢ᠃       ᠠᠵᠤ ᠠᠬᠤᠶᠢᠯᠠᠯ ᠢᠶᠠᠷ ᠬᠤᠪᠢᠶᠠᠵᠤ ᠦᠵᠡᠪᠡᠯ᠂ 1 — 2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 119 ᠡᠷᠦᠬᠡ ᠪᠠᠶᠢᠵᠤ᠂ ᠡᠭᠦᠨ ᠳᠤ ᠠᠷᠠᠳ ᠠᠴᠠ ᠡᠵᠡᠩᠨᠡᠭᠰᠡᠨ 108 ᠠᠵᠤ ᠠᠬᠤᠶᠢᠯᠠᠯ ᠪᠠᠭᠲᠠᠨ᠎ᠠ᠃ ᠲᠣᠰ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠰᠢᠨ᠎ᠡ ᠪᠠᠷ 6 ᠨᠡᠮᠡᠭᠳᠡᠵᠦ᠂ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠨᠡᠮᠡᠭᠳᠡᠯ ᠳᠤ ᠬᠤᠪᠢ ᠨᠡᠮᠡᠷᠢ ᠪᠠᠨ ᠦᠵᠡᠭᠦᠯᠪᠡ᠃       ᠠᠵᠢᠯ ᠲᠥᠷᠥᠯ ᠢᠶᠠᠷ ᠬᠤᠪᠢᠶᠠᠵᠤ ᠦᠵᠡᠪᠡᠯ᠂ 1 — 2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 17 ᠭᠤᠣᠯ ᠠᠵᠢᠯ ᠲᠥᠷᠥᠯ ᠳᠣᠲᠣᠷᠠᠬᠢ 5 ᠭᠤᠣᠯ ᠠᠵᠢᠯ ᠲᠥᠷᠥᠯ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠪᠠᠨ ᠪᠠᠲᠤᠯᠠᠪᠠ᠃ ᠡᠭᠦᠨ ᠤ ᠳᠣᠲᠣᠷ᠎ᠠ᠄ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠣᠯᠣᠨ ᠬᠠᠩᠭᠠᠯᠭ᠎ᠠ ᠶᠢᠨ ᠦᠢᠯᠡᠰ 3.2% ᠢᠶᠠᠷ ᠨᠡᠮᠡᠭᠳᠡᠪᠡ︔ ᠲᠡᠮᠦᠷᠯᠢᠭ ᠪᠤᠰᠤ ᠠᠭᠤᠷᠬᠠᠢ ᠶᠢᠨ ᠦᠢᠯᠡᠳᠬᠦᠨ ᠤ ᠦᠢᠯᠡᠰ 22.9% ᠪᠠᠷ ᠨᠡᠮᠡᠭᠳᠡᠪᠡ︔ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠠᠵᠤ ᠦᠢᠯᠡᠳᠪᠦᠷᠢ 18.0% ᠪᠠᠷ ᠨᠡᠮᠡᠭᠳᠡᠪᠡ︔ ᠨᠡᠬᠡᠮᠡᠯ ᠤᠨ ᠦᠢᠯᠡᠰ 77.0% ᠪᠠᠷ ᠨᠡᠮᠡᠭᠳᠡᠪᠡ︔ ᠬᠢᠮᠢ ᠶᠢᠨ ᠰᠢᠷᠬᠡᠭ ᠦᠢᠯᠡᠳᠬᠦ ᠦᠢᠯᠡᠰ 93.1% ᠪᠠᠷ ᠨᠡᠮᠡᠭᠳᠡᠪᠡ᠃ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠠᠴᠠ ᠦᠵᠡᠪᠡᠯ᠂ 1 — 2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ 18 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ ᠬᠡᠰᠡᠭ ᠦᠢᠯᠡᠳᠬᠦᠨ ᠤ ᠭᠠᠷᠤᠯᠲᠠ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠡᠢ᠃ ᠡᠭᠦᠨ ᠳᠤ᠄ ᠴᠡᠪᠡᠷ ᠪᠧᠨ᠋ᠽᠧᠨ 0.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.0% ᠪᠠᠷ ᠨᠡᠮᠡᠭᠳᠡᠪᠡ︔ ᠮᠧᠲ᠋ᠢᠯ ᠠᠯᠺᠣᠣᠯ 3.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ︔ ᠴᠠᠬᠢᠭᠤᠷ ᠲᠡᠮᠦᠷ 25.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 4.5% ᠪᠠᠷ ᠨᠡᠮᠡᠭᠳᠡᠪᠡ︔ PVC 32.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ︔ ᠱᠦᠢᠨᠢ 12.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.6% ᠪᠠᠷ ᠨᠡᠮᠡᠭᠳᠡᠪᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ