ᠭᠤᠷᠪᠠᠨ ᠶᠡᠭᠡ ᠲᠥᠷᠥᠯ ᠤᠨ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠠᠳᠠᠯᠢ ᠬᠤᠭᠤᠴᠠᠭᠠᠨ ᠤ ᠬᠢ ᠠᠴᠠ ᠬᠤᠶᠠᠷ ᠨᠢ ᠪᠠᠭᠤᠷᠠᠵᠤ ᠨᠢᠭᠡ ᠨᠢ ᠨᠡᠮᠡᠭᠳᠡᠪᠡ
ᠨᠡᠶᠢᠲᠡᠯᠡᠭᠰᠡᠨ ᠴᠠᠭ᠄
2025/4/9
      2025 ᠣᠨ ᠤ 1︱2 ᠳ᠋ᠤᠭᠠᠷ ᠰᠠᠷ᠎ᠠ ᠳᠤ᠂ ᠭᠤᠷᠪᠠᠨ ᠶᠡᠭᠡ ᠲᠦᠷᠦᠯ ᠳᠠᠬᠢ ᠦᠢᠯᠡᠳᠬᠦ ᠦᠢᠯᠡᠰ ᠪᠣᠯᠣᠨ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠬᠢᠭᠡᠳ ᠬᠠᠩᠭᠠᠯᠭ᠎ᠠ ᠶᠢᠨ ᠦᠢᠯᠡᠰ ᠤᠨ ᠲᠡᠩᠴᠡᠭᠦᠦ ᠦᠷᠳᠡᠭ ᠤᠨ ᠡᠨᠧᠷᠭᠢ ᠶᠢᠨ ᠬᠤᠷᠣᠭᠳᠠᠯ ᠪᠠᠭᠠᠰᠴᠤ᠂ ᠠᠭᠤᠷᠬᠠᠢ ᠮᠠᠯᠲᠠᠬᠤ ᠦᠢᠯᠡᠰ ᠤᠨ ᠲᠡᠩᠴᠡᠭᠦᠦ ᠦᠷᠳᠡᠭ ᠤᠨ ᠡᠨᠧᠷᠭᠢ ᠶᠢᠨ ᠬᠤᠷᠣᠭᠳᠠᠯ ᠨᠡᠮᠡᠭᠳᠡᠪᠡ᠃        ᠠᠭᠤᠷᠬᠠᠢ ᠮᠠᠯᠲᠠᠬᠤ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ  ᠶᠢᠨ ᠲᠡᠩᠴᠡᠭᠦᠦ ᠥᠷᠲᠡᠭ ᠨᠢ 5.73 ᠲᠦᠮᠡᠨ ᠲᠣᠨ ᠪᠠᠷᠢᠮᠵᠢᠶᠠᠲᠤ ᠨᠡᠭᠦᠷᠡᠰᠦ ᠬᠥᠷᠴᠥ᠂ ᠠᠳᠠᠯᠢ ᠬᠤᠭᠤᠴᠠᠭᠠᠨ ᠤ ᠬᠢ ᠠᠴᠠ 18.14% ᠪᠠᠷ ᠨᠡᠮᠡᠭᠳᠡᠨ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠬᠠᠷᠢᠴᠠᠯ ᠤᠨ 1.74% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ 0.24 ᠨᠢᠭᠡᠴᠢ ᠨᠡᠮᠡᠭᠳᠡᠨ᠂ ᠶᠡᠷᠦᠩᠬᠡᠢ ᠡᠨᠧᠷᠭᠢ ᠶᠢᠨ ᠬᠤᠷᠣᠭᠳᠠᠯ ᠤᠨ ᠨᠡᠮᠡᠭᠳᠡᠯ ᠢ 0.26% ᠪᠠᠷ ᠳᠠᠶᠢᠴᠢᠯᠠᠪᠠ᠃        ᠦᠢᠯᠡᠳᠬᠦ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ  ᠶᠢᠨ ᠲᠡᠩᠴᠡᠭᠦᠦ ᠥᠷᠲᠡᠭ ᠨᠢ 298.02 ᠲᠦᠮᠡᠨ ᠲᠣᠨ ᠪᠠᠷᠢᠮᠵᠢᠶᠠᠲᠤ ᠨᠡᠭᠦᠷᠡᠰᠦ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠪᠠᠷ ᠪᠠᠭᠤᠷᠠᠨ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ 90.55% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ 1.45 ᠨᠢᠭᠡᠴᠢ ᠪᠠᠭᠤᠷᠠᠵᠤ᠂ ᠡᠨᠧᠷᠭᠢ ᠶᠢᠨ ᠬᠤᠷᠣᠭᠳᠠᠯ ᠢ 2.73% ᠪᠠᠷ ᠪᠠᠭᠤᠷᠠᠭᠤᠯᠪᠠ᠃      ᠴᠠᠬᠢᠯᠭᠠᠨ ᠬᠦᠴᠦ᠂ ᠢᠯᠴᠢ ᠶᠢᠨ ᠬᠥᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠣᠯᠣᠨ ᠬᠠᠩᠭᠠᠯᠭ᠎ᠠ ᠶᠢᠨ ᠦᠢᠯᠡᠰ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ  ᠶᠢᠨ ᠲᠡᠩᠴᠡᠭᠦᠦ ᠥᠷᠲᠡᠭ ᠨᠢ 25.37 ᠲᠦᠮᠡᠨ ᠲᠣᠨ ᠪᠠᠷᠢᠮᠵᠢᠶᠠᠲᠤ ᠨᠡᠭᠦᠷᠡᠰᠦ ᠬᠦᠷᠴᠦ᠂ ᠠᠳᠠᠯᠢ ᠬᠤᠭᠤᠴᠠᠭᠠᠨ ᠤ  ᠬᠢ ᠠᠴᠠ 2.20% ᠪᠠᠷ ᠪᠠᠭᠤᠷᠠᠨ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠬᠠᠷᠢᠴᠠᠯ ᠤᠨ 7.71% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ 1.21 ᠨᠢᠭᠡᠴᠢ  ᠨᠡᠮᠡᠭᠳᠡᠨ᠂ ᠡᠨᠧᠷᠭᠢ ᠶᠢᠨ ᠶᠡᠷᠦᠩᠬᠡᠢ ᠬᠤᠷᠣᠭᠳᠠᠯ ᠢ 0.17% ᠪᠠᠷ ᠪᠠᠭᠤᠷᠠᠭᠤᠯᠪᠠ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ