ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠵᠦ ᠬᠠᠶᠢᠷ᠎ᠠ ᠬᠠᠯᠠᠮᠵᠢ ᠬᠦᠷᠲᠡᠭᠡᠨ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ ︱ ᠤᠯᠠᠭᠠᠨᠪᠠᠯᠭᠠᠰᠤ ᠶᠢᠨ ᠠᠮᠤᠭᠤᠯᠠᠩ ᠨᠡᠶᠢᠭᠡᠮ ᠲᠣᠭᠤᠷᠢᠭ ᠶᠠᠳᠠᠭᠤ ᠬᠦᠴᠢᠷᠳᠡᠯᠲᠡᠢ ᠬᠥᠮᠥᠰ ᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/12
      ᠶᠠᠳᠠᠭᠤ ᠬᠦᠴᠢᠷᠳᠡᠯᠲᠡᠢ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠣᠯᠣᠨ ᠵᠢᠷᠭᠠᠯᠲᠤ ᠲᠥᠷᠥᠭᠳᠡᠯ ᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ ᠤᠯᠠᠭᠠᠨᠪᠠᠯᠭᠠᠰᠤ ᠶᠢᠨ ᠠᠮᠤᠭᠤᠯᠠᠩ ᠨᠡᠶᠢᠭᠡᠮ ᠲᠣᠭᠤᠷᠢᠭ ᠤᠨ ᠬᠢᠨ ᠥᠪᠥᠷ ᠮᠣᠩᠭᠤᠯ ᠤᠨ ᠬᠤᠩ ᠰᠢᠩ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ ︽ᠬᠠᠶᠢᠷ᠎ᠠ ᠪᠠᠷ ᠢᠪᠡᠭᠡᠨ ᠲᠡᠳᠬᠦᠵᠦ ᠬᠠᠯᠠᠮᠵᠢ ᠬᠦᠷᠲᠡᠭᠡᠬᠦ︾ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤᠮᠳᠠ᠂ ᠠᠵᠤ ᠠᠬᠤᠶᠢᠯᠠᠯ ᠤᠨ ᠲᠥᠯᠥᠭᠡᠯᠡᠭᠴᠢ ᠪᠣᠯᠣᠨ ᠨᠡᠶᠢᠭᠡᠮ ᠲᠣᠭᠤᠷᠢᠭ ᠤᠨ ᠱᠦᠵᠢ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠬᠢᠭᠡᠳ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠨᠳᠦ ᠡᠪᠡᠳᠴᠢᠲᠡᠨ ᠲᠠᠢ᠂ ᠥᠨᠥᠴᠢᠨ ᠪᠡᠯᠪᠡᠰᠦᠨ ᠨᠠᠰᠤᠲᠠᠨ᠂ ᠠᠮᠢᠳᠤᠷᠠᠯ ᠨᠢ ᠬᠦᠴᠢᠷᠳᠡᠯᠲᠡᠢ 15 ᠡᠷᠦᠬᠡ ᠳᠤ 15 ᠤᠭᠤᠲᠠ ᠠᠮᠤ ᠪᠤᠳᠠᠭ᠎ᠠ ᠪᠣᠯᠣᠨ ᠭᠤᠯᠢᠷ᠂ 15 ᠰᠠᠭᠤᠯᠠᠭ᠎ᠠ ᠢᠳᠡᠭᠡᠨ ᠤ ᠲᠣᠰᠣ ᠵᠡᠷᠭᠡ ᠲᠣᠬᠤᠨᠢᠭᠤᠯᠬᠤ ᠡᠳ᠋ ᠪᠣᠳᠠᠰ ᠢ ᠬᠤᠪᠢᠶᠠᠵᠤ ᠥᠭᠪᠡ᠃ ᠨᠡᠶᠢᠭᠡᠮ ᠲᠣᠭᠤᠷᠢᠭ ᠤᠨ ᠱᠦᠵᠢ ᠬᠢᠭᠡᠳ ᠠᠵᠤ ᠠᠬᠤᠶᠢᠯᠠᠯ ᠤᠨ ᠲᠥᠯᠥᠭᠡᠯᠡᠭᠴᠢ ᠣᠯᠠᠨ ᠲᠦᠮᠡᠨ ᠲᠠᠢ ᠨᠢᠭᠤᠷᠲᠠᠨ ᠶᠠᠷᠢᠯᠴᠠᠵᠤ᠂ ᠲᠡᠳᠡᠨ ᠤ ᠡᠷᠡᠭᠦᠯ ᠮᠡᠨᠳᠦ ᠶᠢᠨ ᠪᠠᠶᠢᠳᠠᠯ ᠪᠣᠯᠣᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠨᠠᠷᠢᠨ ᠣᠶᠢᠯᠭᠠᠭᠰᠠᠨ ᠪᠥᠭᠡᠳ ᠬᠦᠴᠢᠷᠳᠡᠯ ᠤᠨ ᠡᠬᠡ ᠲᠠᠩᠰᠠ ᠶᠢ ᠪᠠᠶᠢᠭᠤᠯᠤᠨ᠂ ᠲᠠᠷᠠᠭᠠᠴᠢ ᠶᠢᠨ ᠨᠠᠷᠢᠯᠢᠭ ᠣᠨᠣᠪᠴᠢᠲᠠᠢ ᠪᠠᠷ ᠬᠠᠪᠰᠤᠷᠤᠨ ᠲᠡᠳᠬᠦᠬᠦ ᠳᠤ ᠦᠨᠳᠦᠰᠦᠯᠡᠯ ᠬᠠᠩᠭᠠᠪᠠ᠃      ᠲᠣᠰ ᠤᠳᠠᠭᠠᠨ ᠤ ᠠᠵᠢᠯᠯᠠᠭ᠎ᠠ ᠨᠢ ︽ᠠᠵᠤ ᠠᠬᠤᠶᠢᠯᠠᠯ ᠬᠠᠨᠳᠢᠪᠯᠡᠬᠤ + ᠨᠡᠶᠢᠭᠡᠮ ᠲᠣᠭᠤᠷᠢᠭ ᠦᠢᠯᠡᠴᠢᠯᠡᠬᠦ︾ ᠵᠠᠭᠪᠤᠷ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠦᠭᠰᠡᠨ ᠮᠥᠷᠲᠡᠭᠡᠨ ᠪᠠᠰᠠ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠪᠣᠳᠠᠲᠤ ᠪᠦᠲᠦᠮᠵᠢ ᠶᠢ ᠴᠢᠩᠭᠠᠳᠬᠠᠪᠠ᠃ ᠳᠠᠷᠠᠭᠠᠴᠢ ᠪᠠᠷ᠂ ᠠᠮᠤᠭᠤᠯᠠᠩ ᠨᠡᠶᠢᠭᠡᠮ ᠲᠣᠭᠤᠷᠢᠭ ᠤᠨ ᠬᠢᠨ ︽ᠬᠠᠶᠢᠷ᠎ᠠ ᠬᠠᠯᠠᠮᠵᠢ ᠶᠢᠨ ᠡᠬᠢ ᠪᠠᠶᠠᠯᠢᠭ ᠢ ᠠᠪᠴᠠᠯᠳᠤᠭᠤᠯᠬᠤ ᠲᠠᠪᠴᠠᠩ︾ ᠢ ᠦᠷᠭᠦᠯᠵᠢᠯᠡᠨ ᠲᠡᠭᠦᠯᠳᠡᠷᠵᠢᠭᠦᠯᠦᠨ᠂ ᠨᠡᠩ ᠤᠯᠠᠨ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠬᠠᠪᠰᠤᠷᠤᠨ ᠲᠡᠳᠬᠦᠬᠦ ᠠᠵᠢᠯᠯᠠᠭ᠎ᠠ ᠳᠤ ᠣᠷᠣᠯᠴᠠᠭᠤᠯᠵᠤ᠂ ᠬᠦᠴᠢᠷᠳᠡᠯᠲᠡᠢ ᠬᠥᠮᠥᠰ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ