ᠴᠢ ᠫᠠᠨ ᠵᠢᠩ ᠪᠠᠯᠭᠠᠰᠤᠨ ᠤ ᠦᠵᠦᠭᠦᠷ ᠨᠡᠶᠢᠭᠡᠮ ᠲᠣᠭᠤᠷᠢᠭ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠡᠷᠬᠢᠯᠡᠭᠰᠡᠳ ᠲᠤ ᠬᠠᠶᠢᠷ᠎ᠠ ᠬᠠᠯᠠᠮᠵᠢ ᠶᠢᠨ ᠠᠵᠢᠯᠯᠠᠭ᠎ᠠ ᠥᠷᠨᠢᠭᠦᠯᠵᠦ  ᠰᠡᠳᠬᠢᠯ ᠢ ᠨᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2025/5/12
      ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢ ᠳᠠᠭᠠᠯᠳᠤᠨ᠂ ᠲᠦᠷᠭᠡᠨ ᠬᠦᠷᠭᠡᠭᠴᠢ᠂ ᠵᠠᠬᠢᠶᠠᠯᠠᠭ᠎ᠠ ᠬᠦᠷᠭᠡᠭᠴᠢ ᠵᠡᠷᠭᠡ ᠰᠢᠨ᠎ᠡ ᠠᠵᠢᠯ ᠣᠯᠭᠤᠯᠲᠠ ᠶᠢᠨ ᠬᠥᠳᠡᠯᠮᠦᠷᠢᠴᠢᠳ ᠤᠨ  ᠬᠡᠪᠴᠢᠶ᠎ᠡ ᠲᠠᠰᠤᠷᠠᠯᠲᠠ ᠦᠭᠡᠢ ᠥᠷᠭᠡᠵᠢᠪᠡ᠃ ᠲᠡᠳᠡ ᠵᠡᠭᠡᠯᠢ ᠭᠤᠳᠤᠮᠵᠢ ᠶᠢᠨ ᠠᠯᠢ ᠭᠠᠵᠠᠷ ᠲᠤ ᠨᠢ ᠬᠦᠷᠴᠦ᠂ ᠰᠠᠭᠤᠭᠠᠯᠢ ᠠᠷᠠᠳ ᠲᠤ ᠦᠢᠯᠡᠴᠢᠯᠡᠳᠡᠭ᠃ ᠡᠲᠡᠭᠡᠷ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠡᠷᠬᠢᠯᠡᠭᠰᠡᠳ ᠲᠤ ᠬᠠᠯᠠᠭᠤᠨ ᠳᠤᠯᠠᠭᠠᠨ ᠪᠠ ᠬᠠᠶᠢᠷ᠎ᠠ ᠬᠠᠯᠠᠮᠵᠢ ᠬᠦᠷᠲᠡᠭᠡᠬᠦ ᠶᠢᠨ ᠲᠥᠯᠥᠭᠡ᠂ ᠴᠢ ᠫᠠᠨ ᠵᠢᠩ ᠪᠠᠯᠭᠠᠰᠤᠨ ᠤ ᠦᠵᠦᠭᠦᠷ ᠨᠡᠶᠢᠭᠡᠮ ᠲᠣᠭᠤᠷᠢᠭ ᠤᠨ ᠬᠢᠨ ᠢᠳᠡᠪᠬᠢᠲᠡᠢ ᠬᠥᠳᠡᠯᠦᠯᠴᠡᠵᠦ᠂ ᠪᠠᠶᠠᠯᠢᠭ ᠠᠭᠤᠯᠭ᠎ᠠ ᠲᠠᠢ ᠰᠡᠳᠬᠢᠯ ᠳᠤ ᠳᠤᠯᠠᠭᠠᠬᠠᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠨᠤᠭᠤᠳ ᠢ ᠥᠷᠨᠢᠭᠦᠯᠪᠡ᠃      ᠦᠵᠦᠭᠦᠷ ᠨᠡᠶᠢᠭᠡᠮ ᠲᠣᠭᠤᠷᠢᠭ ︽ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠡᠷᠬᠢᠯᠡᠭᠰᠡᠳ ᠤᠨ ᠰᠡᠳᠬᠢᠯ ᠢ ᠳᠤᠯᠠᠭᠠᠴᠠᠭᠤᠯᠬᠤ ᠤᠯᠠᠭ᠎ᠠ ᠦᠷᠳᠡᠭᠡ︾  ᠶᠢ ᠪᠠᠶᠢᠭᠤᠯᠬᠤ ᠪᠠᠷ ᠴᠢᠬᠤᠯᠠ ᠭᠠᠷᠳᠠᠴᠠ ᠪᠠᠨ ᠪᠣᠯᠭᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠡᠷᠬᠢᠯᠡᠭᠰᠡᠳ ᠲᠤ ᠬᠠᠯᠠᠭᠤᠨ ᠳᠤᠯᠠᠭᠠᠨ ᠥᠯᠥᠭᠡᠢ ᠶᠢ ᠪᠠᠶᠢᠭᠤᠯᠵᠤ ᠥᠭᠴᠡᠢ᠃ ᠤᠯᠠᠭ᠎ᠠ ᠥᠷᠲᠡᠭᠡ ᠶᠢᠨ ᠠᠮᠠᠷᠠᠯᠲᠠ ᠶᠢᠨ ᠲᠣᠭᠤᠷᠢᠭ ᠲᠤ ᠲᠠᠭᠠᠯᠠᠮᠵᠢᠲᠠᠢ ᠳᠦᠰᠢᠭᠦᠷᠲᠦ ᠰᠠᠨᠳᠠᠯᠢ ᠪᠣᠯᠣᠨ ᠱᠠᠹᠠ ᠲᠠᠯᠪᠢᠵᠤ᠂ ᠤᠰᠤ ᠲᠥᠭᠡᠭᠡᠭᠴᠢ ᠳᠤ ᠴᠠᠭ ᠲᠤᠬᠠᠢ ᠳᠤᠨᠢ ᠬᠠᠯᠠᠭᠤᠨ ᠤᠰᠤ ᠬᠠᠩᠭᠠᠨ᠂ ᠪᠢᠴᠢᠯ ᠳᠣᠯᠭᠢᠶᠠᠨ ᠤ ᠵᠤᠤᠬ᠎ᠠ ᠲᠣᠬᠢᠷᠠᠭᠤᠯᠵᠤ ᠲᠡᠳᠡᠨ ᠤ ᠬᠤᠭᠤᠯᠠ ᠪᠤᠳᠠᠭ᠎ᠠ ᠪᠠᠨ ᠬᠠᠯᠠᠭᠤᠯᠬᠤ ᠳᠤ ᠲᠥᠬᠦᠮ ᠪᠣᠯᠭᠠᠨ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠤᠭᠰᠠᠷᠠᠵᠤ ᠭᠠᠷ ᠤᠲᠠᠰᠤ᠂ ᠴᠠᠬᠢᠯᠭᠠᠨ ᠬᠥᠳᠡᠯᠭᠡᠭᠦᠷᠲᠦ ᠲᠡᠷᠭᠡ ᠵᠡᠷᠭᠡ ᠪᠠᠨ ᠴᠠᠭ ᠲᠤᠬᠠᠢ ᠳᠤᠨᠢ ᠴᠠᠬᠢᠯᠭᠠᠨ ᠴᠡᠨᠡᠭᠯᠡᠬᠦ ᠶᠢ ᠨᠢ ᠪᠠᠲᠤᠯᠠᠨ᠂ ᠡᠮᠴᠢᠯᠡᠭᠡᠨ ᠤ ᠲᠦᠷᠭᠡᠨ ᠠᠪᠤᠷᠠᠯᠳᠠ ᠶᠢᠨ ᠪᠣᠭᠴᠣ ᠭᠠᠷᠭᠠᠵᠤ ᠭᠡᠨᠡᠳᠲᠡ ᠶᠢᠨ ᠪᠠᠶᠢᠳᠠᠯ ᠳᠤ ᠨᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠠᠭᠠᠭᠢᠮ᠎ᠠ ᠬᠠᠯᠠᠭᠤᠨ ᠵᠤᠨ᠂ ᠠᠷᠠᠭ᠎ᠠ ᠬᠠᠪᠢᠷᠠᠮ᠎ᠠ ᠬᠦᠢᠲᠡᠨ ᠳᠤ ᠲᠡᠳᠡ ᠬᠠᠯᠠᠭᠤᠨ ᠠᠴᠠ ᠵᠠᠶᠢᠯᠠᠰᠬᠢᠵᠦ ᠬᠥᠢᠲᠡᠨ ᠢ ᠬᠠᠯᠬᠠᠯᠠᠬᠤ ᠭᠠᠵᠠᠷ᠂ ᠠᠵᠢᠯ ᠤᠨ ᠶᠠᠳᠠᠷᠠᠭ᠎ᠠ ᠪᠠᠨ ᠲᠠᠶᠢᠯᠬᠤ ᠣᠷᠣᠨ ᠲᠠᠢ ᠪᠣᠯᠪᠠ᠃      ᠡᠳᠦᠷ ᠲᠤᠲᠤᠮ ᠤᠨ ᠠᠮᠢᠳᠤᠷᠠᠯ ᠢ ᠨᠢ ᠬᠠᠯᠠᠮᠵᠢᠯᠠᠬᠤ ᠲᠠᠯ᠎ᠠ ᠪᠠᠷ᠂ ᠨᠡᠶᠢᠭᠡᠮ ᠲᠣᠭᠤᠷᠢᠭ ᠣᠯᠠᠨ ᠶᠠᠩᠵᠤ ᠶᠢᠨ ᠠᠵᠢᠯᠯᠠᠭ᠎ᠠ ᠥᠷᠨᠢᠭᠦᠯᠪᠡ᠃ ᠡᠪᠦᠯ ᠤᠨ ᠲᠤᠶᠢᠯ ᠪᠣᠯᠬᠤ ᠳᠤ᠂ ᠵᠠᠬᠢᠶᠠᠯᠠᠭ᠎ᠠ ᠬᠦᠷᠭᠡᠭᠴᠢᠳ ᠨᠢᠭᠡ ᠳᠣᠣᠷ᠎ᠠ ᠴᠤᠭᠯᠠᠷᠠᠨ᠂ ᠪᠠᠩᠰᠢ ᠪᠠᠷᠢᠵᠤ᠂ ᠶᠠᠭᠠᠷᠠᠯᠲᠠᠢ ᠠᠵᠢᠯ ᠤᠨ ᠳᠤᠮᠳᠠ ᠪᠠᠨ ᠪᠠᠶᠠᠷ ᠤᠨ ᠡᠳᠦᠷ ᠤᠨ ᠬᠠᠯᠠᠭᠤᠨ ᠳᠤᠯᠠᠭᠠᠨ ᠢ ᠡᠳ᠋ᠯᠡᠪᠡ᠃ ᠶᠤᠸᠠᠨ ᠲᠦᠩ ᠲᠦᠷᠭᠡᠨ ᠬᠦᠷᠭᠡᠯᠲᠡ ᠶᠢᠨ ᠺᠣᠮᠫᠠᠨᠢ ᠲᠠᠢ ᠬᠠᠮᠲᠤᠷᠠᠨ ᠰᠣᠨᠢᠷᠬᠠᠯᠲᠠᠢ ᠲᠣᠭᠯᠠᠭᠠᠮ ᠲᠣᠭᠯᠠᠵᠤ᠂ ᠲᠡᠳᠡᠨ ᠤ ᠠᠵᠢᠯ ᠤᠨ ᠳᠠᠷᠤᠭᠠᠰᠤ ᠶᠢ ᠬᠥᠩᠭᠡᠷᠡᠭᠦᠯᠦᠭᠰᠡᠨ ᠢᠶᠠᠷ ᠪᠠᠷᠠᠬᠤ ᠦᠭᠡᠢ᠂ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠦᠭᠰᠡᠨ ᠪᠠᠶᠢᠨ᠎ᠠ᠃ ᠡᠳᠡᠭᠡᠷ ᠦᠵᠡᠬᠦ ᠳᠤ ᠡᠭᠡᠯ ᠵᠢᠷ ᠤᠨ ᠬᠠᠯᠠᠮᠵᠢᠯᠠᠯ ᠨᠢ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠡᠷᠬᠢᠯᠡᠭᠰᠡᠳ ᠤᠨ ᠰᠡᠳᠬᠢᠯ ᠢ ᠳᠤᠯᠠᠭᠠᠴᠠᠭᠤᠯᠵᠤ᠂ ᠲᠡᠳᠡᠨ ᠤ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠡᠢ᠃      ᠦᠵᠦᠭᠦᠷ ᠨᠡᠶᠢᠭᠡᠮ ᠲᠣᠭᠤᠷᠢᠭ ᠤᠨ ᠬᠢᠨ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠡᠷᠬᠢᠯᠡᠭᠰᠡᠳ ᠢ ᠬᠠᠯᠠᠮᠵᠢᠯᠠᠨ ᠬᠠᠶᠢᠷᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠦᠷᠭᠦᠯᠵᠢᠯᠡᠨ ᠢᠳᠡᠪᠬᠢᠲᠡᠢ ᠰᠦᠪᠡᠭᠴᠢᠯᠡᠵᠦ᠂ ᠨᠡᠩ ᠤᠯᠠᠨ ᠨᠡᠶᠢᠭᠡᠮ ᠤᠨ ᠡᠬᠢ ᠪᠠᠶᠠᠯᠢᠭ ᠢ ᠨᠡᠶᠢᠯᠡᠭᠦᠯᠦᠨ᠂ ᠤᠯᠠᠨ ᠶᠠᠩᠵᠤ ᠶᠢᠨ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠥᠷᠨᠢᠭᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ ᠡᠷᠬᠢᠯᠡᠭᠰᠡᠳ ᠢ ᠬᠠᠮᠠᠭᠠᠯᠠᠨ᠂ ᠨᠡᠶᠢᠭᠡᠮ ᠲᠣᠭᠤᠷᠢᠭ ᠲᠤ ᠬᠠᠶᠢᠷ᠎ᠠ ᠬᠠᠯᠠᠮᠵᠢ ᠶᠢ ᠲᠠᠰᠤᠷᠠᠯᠳᠠ ᠦᠭᠡᠢ ᠳᠠᠮᠵᠢᠭᠤᠯᠵᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ