ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠨᠣᠭᠤᠭᠠᠷᠠᠬᠤ ᠶᠢ ᠳᠠᠭᠠᠯᠳᠤᠨ᠂ ᠥᠨᠥ ᠵᠢᠯ ᠤᠨ ᠣᠲᠤᠭ ᠬᠤᠰᠢᠭᠤᠨ ᠤ ᠰᠡᠯᠬᠦᠨ ᠮᠠᠯᠵᠢᠬᠤ | ᠬᠤᠭᠤᠴᠠᠭ᠎ᠠ ᠨᠢᠭᠡᠨᠲᠡ ᠡᠬᠢᠯᠡᠪᠡ᠂ ᠮᠠᠯᠴᠢᠨ ᠲᠠᠷᠢᠶᠠᠴᠢᠨ ᠤ ᠡᠪᠡᠰᠦ ᠪᠣᠷᠳᠤᠭ᠎ᠠ ᠬᠤᠳᠠᠯᠳᠤᠨ ᠠᠪᠬᠤ ᠳᠠᠷᠤᠭᠠᠰᠤ ᠶᠢ ᠬᠥᠩᠬᠡᠯᠡᠵᠦ᠂ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠣᠲᠤᠭ ᠬᠤᠰᠢᠭᠤᠨ ᠤ ᠰᠦᠮᠡᠲᠦ ᠰᠤᠮᠤ ᠶᠢᠨ ᠰᠦᠮᠡᠲᠦ ᠭᠠᠴᠠᠭ᠎ᠠ ︽ᠬᠢᠮᠳᠠ | ᠦᠨ᠎ᠡ + ᠨᠥᠬᠦᠪᠦᠷᠢ︾ ᠶᠢᠨ ᠬᠡᠯᠪᠡᠷᠢ ᠪᠠᠷ ᠭᠠᠴᠠᠭᠠᠨ ᠤ ᠮᠠᠯᠴᠢᠨ ᠲᠠᠷᠢᠶᠠᠴᠢᠨ ᠳᠤ ᠬᠠᠷᠭᠠᠨ᠎ᠠ ᠶᠢᠨ ᠡᠪᠡᠰᠦ ᠪᠣᠷᠳᠤᠭ᠎ᠠ ᠬᠤᠳᠠᠯᠳᠤᠨ ᠥᠭᠴᠦ᠂ ᠮᠠᠯ ᠠᠵᠤ | ᠠᠬᠤᠢ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠪᠠᠲᠤᠯᠠᠪᠠ᠃ | ᠦᠳᠡ ᠶᠢᠨ ᠡᠮᠦᠨᠡᠬᠢ 10 ᠴᠠᠭ ᠲᠤ᠂ ᠡᠪᠡᠰᠦ ᠪᠣᠷᠳᠤᠭ᠎ᠠ ᠬᠤᠳᠠᠯᠳᠤᠬᠤ ᠠᠬᠤᠢ ᠲᠠᠯᠠᠪᠠᠢ ᠳᠤ ᠬᠦᠷᠦᠯᠴᠡᠨ ᠢᠷᠡᠭᠰᠡᠨ ᠮᠠᠯᠴᠢᠳ ᠡᠮᠬᠢ ᠵᠢᠷᠤᠮ ᠲᠠᠢ ᠪᠠᠷ | ᠡᠪᠡᠰᠦ ᠪᠣᠷᠳᠤᠭ᠎ᠠ ᠶᠢ ᠲᠡᠷᠭᠡᠨ ᠳᠡᠭᠡᠨ ᠰᠠᠪᠠᠯᠠᠵᠤ᠂ ᠠᠵᠢᠯᠲᠠᠳ ᠨᠢᠭᠡᠳ ᠨᠢᠭᠡ ᠪᠠᠷ ᠬᠠᠷᠭᠤᠭᠤᠯᠤᠨ᠂ ᠮᠠᠯᠴᠢᠳ ᠢ ᠬᠠᠪᠰᠤᠷᠴᠦ ᠲᠡᠷᠭᠡᠨ ᠳᠤ ᠨᠢ ᠰᠠᠪᠠᠯᠠᠵᠤ ᠪᠠᠶᠢᠯ᠎ᠠ᠃ | ᠰᠦᠮᠡᠲᠦ ᠭᠠᠴᠠᠭᠠᠨ ᠤ ᠮᠠᠯᠴᠢᠨ ᠨᠠᠷᠠᠨᠪᠢᠯᠢᠭ᠌᠄ ︽ᠪᠢ ᠠᠯᠢ ᠡᠷᠲᠡ ᠠᠬᠤᠢ ᠲᠠᠯᠠᠪᠠᠶ ᠳᠤ ᠬᠦᠷᠴᠦ ᠢᠷᠡᠭᠰᠡᠨ ᠶᠤᠮ᠂ ᠮᠠᠨ ᠤ ᠬᠤᠶᠠᠷ ᠲᠣᠨ ᠬᠠᠷᠭᠠᠨ᠎ᠠ ᠶᠢᠨ ᠡᠪᠡᠰᠦ | ᠪᠣᠷᠳᠤᠭ᠎ᠠ ᠬᠤᠳᠠᠯᠳᠤᠨ ᠠᠪᠴᠢᠬᠠᠪᠠᠯ ᠦᠬᠡᠷ ᠬᠤᠨᠢ ᠪᠠᠨ ᠲᠡᠵᠢᠭᠡᠭᠡᠳ ᠬᠦᠷᠴᠢᠬᠡᠨ᠎ᠡ︾ ᠭᠡᠵᠦ ᠰᠤᠷᠪᠤᠯᠵᠢᠯᠠᠭᠴᠢ ᠳᠤ ᠬᠡᠯᠡᠨ᠎ᠡ᠃ | ᠥᠨᠥᠳᠥᠷ ᠪᠢ ᠠᠳᠡ ᠠᠴᠠ ᠵᠢᠭᠠᠬᠠᠨ ᠬᠠᠷᠭᠠᠨ᠎ᠠ ᠶᠢᠨ ᠡᠪᠡᠰᠦ ᠪᠣᠷᠳᠤᠭ᠎ᠠ ᠬᠤᠳᠠᠯᠳᠤᠨ ᠠᠪᠬᠤ ᠪᠠᠷ ᠢᠷᠡᠯ᠎ᠡ᠂ ᠵᠠᠬ᠎ᠠ ᠳᠡᠯᠭᠡᠭᠦᠷ ᠳᠡᠭᠡᠷ᠎ᠡ 1000 | ᠲᠥᠭᠦᠷᠢᠭ ᠠᠴᠠ 1100 ᠲᠥᠭᠦᠷᠢᠭ ᠣᠷᠴᠢᠮ ᠪᠠᠶᠢᠳᠠᠭ᠂ ᠠᠳᠡ 800 ᠠᠴᠠ 850 ᠲᠥᠭᠦᠷᠢᠭ ᠣᠷᠴᠢᠮ ᠢᠶᠠᠷ ᠬᠤᠳᠠᠯᠳᠤᠵᠤ᠂ ᠵᠠᠬ᠎ᠠ ᠳᠡᠯᠭᠡᠭᠦᠷ ᠠᠴᠠ | ᠬᠤᠯᠠ ᠬᠢᠮᠳᠠ ᠪᠠᠶᠢᠨ᠎ᠠ᠂ ᠪᠢᠳᠡᠨ ᠤ ᠳᠠᠷᠤᠭᠠᠰᠤ ᠶᠢ ᠨᠡᠯᠢᠶᠡᠳ ᠬᠥᠩᠭᠡᠯᠡᠴᠢᠬᠡᠯᠡ ᠭᠡᠵᠦ ᠶᠠᠷᠢᠨ᠎ᠠ᠃ | ᠵᠠᠮ ᠤᠨ ᠨᠥᠭᠦᠭᠡ ᠲᠠᠯ᠎ᠠ ᠳᠤ᠂ ᠬᠠᠷᠭᠠᠨ᠎ᠠ ᠬᠡᠮᠬᠡᠯᠡᠬᠦ ᠮᠠᠰᠢᠨ ᠲᠡᠭᠰᠢᠯᠡᠨ ᠬᠤᠷᠢᠶᠠᠭᠰᠠᠨ ᠬᠠᠷᠭᠠᠨ᠎ᠠ ᠶᠢ ᠮᠠᠰᠢᠨ ᠳᠤ ᠬᠢᠵᠦ ᠬᠡᠮᠬᠡᠯᠡᠨ ᠪᠣᠯᠪᠠᠰᠤᠷᠠᠭᠤᠯᠤᠭᠠᠳ ᠦᠬᠡᠷ | ᠬᠤᠨᠢ ᠢᠳᠡᠬᠦ ︽ᠥᠨᠳᠥᠷ ᠤᠭᠤᠷᠠᠭᠲᠤ ᠠᠮᠲᠠᠲᠤ ᠢᠳᠡᠭᠡᠨ︾ ᠪᠣᠯᠭᠠᠯ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠤᠲᠤᠭ ᠬᠤᠰᠢᠭᠤ ᠠᠮᠢ ᠠᠬᠤᠢ ᠶᠢ ᠤᠷᠢᠳᠠᠪᠠᠷ ᠪᠣᠳᠤᠯᠬᠢᠯᠠᠵᠤ᠂ ᠪᠣᠬᠢᠷᠲᠤᠯ ᠦᠭᠡᠢ ᠪᠠᠷ ᠬᠥᠭᠵᠢᠬᠦᠯᠬᠦ ᠪᠠᠷ | ᠤᠳᠤᠷᠢᠳᠤᠮᠵᠢ ᠪᠣᠯᠭᠠᠨ᠂ ᠨᠥᠬᠦᠪᠦᠷᠢ ᠥᠭᠬᠦ ᠪᠠᠷ ᠮᠠᠯᠴᠢᠨ ᠲᠠᠷᠢᠶᠠᠴᠢᠨ ᠤ ᠬᠠᠷᠭᠠᠨ᠎ᠠ ᠪᠠᠨ ᠰᠠᠯᠠᠭᠠᠯᠠᠵᠤ ᠲᠡᠭᠰᠢᠯᠡᠬᠦ ᠢᠳᠡᠪᠬᠢᠵᠢᠯ ᠢ ᠳᠠᠶᠢᠴᠢᠯᠠᠵᠤ᠂ ᠰᠠᠯᠠᠭᠠᠯᠠᠵᠤ | ᠲᠡᠭᠰᠢᠯᠡᠭᠰᠡᠨ ᠬᠠᠷᠭᠠᠨ᠎ᠠ ᠶᠢ ᠬᠤᠷᠢᠶᠠᠨ ᠠᠪᠴᠤ ᠡᠪᠡᠰᠦ ᠪᠣᠷᠳᠤᠭ᠎ᠠ ᠪᠣᠯᠭᠠᠭᠰᠠᠨ ᠢᠶᠠᠷ ᠬᠠᠷᠭᠠᠨ᠎ᠠ ᠶᠢᠨ ᠤᠷᠭᠤᠴᠠ ᠶᠢ ᠰᠠᠶᠢᠵᠢᠷᠠᠭᠤᠯᠤᠭᠰᠠᠨ ᠪᠥᠭᠡᠳ ᠪᠠᠰᠠ ᠦᠬᠡᠷ | ᠬᠤᠨᠢᠨ ᠤ ᠡᠪᠡᠰᠦ ᠪᠣᠷᠳᠣᠭᠠᠨ ᠤ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠢ ᠶᠢᠨ ᠪᠣᠬᠢᠷᠲᠤᠯ ᠦᠭᠡᠢ ᠰᠠᠶᠢᠨ ᠬᠥᠭᠵᠢᠯᠲᠡ ᠶᠢ ᠪᠡᠶᠡᠯᠡᠭᠦᠯᠵᠡᠢ᠃ ᠰᠦᠮᠡᠲᠦ | ᠭᠠᠴᠠᠭ᠎ᠠ ᠶᠢᠨ ᠬᠠᠮᠲᠤ ᠶᠢᠨ ᠠᠵᠤ ᠠᠬᠤᠢ ᠨᠢ ᠲᠣᠰ ᠭᠠᠵᠠᠷ ᠣᠷᠣᠨ ᠤ ᠬᠤᠷᠰᠢᠶ᠎ᠠ ᠲᠠᠢ ᠬᠤᠯᠪᠤᠭᠠᠯᠠᠨ ᠬᠥᠳᠡᠯᠦᠯᠴᠡᠵᠦ᠂ ᠮᠠᠯᠴᠢᠨ ᠲᠠᠷᠢᠶᠠᠴᠢᠨ ᠳᠤ ᠡᠪᠡᠰᠦ | ᠪᠣᠷᠳᠤᠭ᠎ᠠ ᠶᠢ ᠬᠢᠮᠳᠠ ᠦᠨ᠎ᠡ ᠪᠠᠷ ᠬᠤᠳᠠᠯᠳᠤᠵᠤ ᠥᠭᠭᠦᠭᠰᠡᠨ ᠢᠶᠠᠷ ᠪᠠᠷᠠᠬᠤ ᠦᠭᠡᠢ᠂ ᠪᠠᠰᠠ ᠬᠠᠷᠭᠠᠨ᠎ᠠ ᠶᠢᠨ ᠡᠪᠡᠰᠦ ᠪᠣᠷᠳᠤᠭ᠎ᠠ ᠬᠤᠳᠠᠯᠳᠤᠨ ᠠᠪᠤᠭᠰᠠᠨ ᠮᠠᠯᠴᠢᠨ | ᠡᠷᠦᠬᠡ ᠪᠦᠷᠢ ᠳᠤ 450 ᠲᠥᠭᠦᠷᠢᠭ ᠤᠨ ᠨᠥᠬᠦᠪᠦᠷᠢ ᠥᠭᠴᠦ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠮᠠᠯᠴᠢᠨ ᠲᠠᠷᠢᠶᠠᠴᠢᠨ | ᠡᠷᠦᠬᠡ ᠪᠦᠷᠢ ᠳᠤ ᠡᠳ᠋ᠯᠡᠭᠦᠯᠦᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠳᠠᠷᠤᠭᠠᠰᠤ ᠶᠢ ᠦᠨᠡᠨᠬᠦ ᠬᠥᠩᠭᠡᠷᠡᠭᠦᠯᠪᠡ᠃ | ᠮᠠᠨ ᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠭᠤᠣᠯ ᠢᠷᠡᠯᠲᠡ ᠪᠣᠯ ᠠᠩᠭᠧᠰ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠴᠢ ᠵᠠᠮ ᠳᠠᠭᠠᠤ ᠠᠵᠤ | ᠠᠬᠤᠢ ᠪᠣᠯᠣᠨ᠎ᠠ᠂ ᠡᠭᠦᠨ ᠤ ᠳᠠᠭᠠᠤ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠭᠤᠣᠯᠳᠠᠭᠤ ᠮᠠᠯᠴᠢᠨ ᠲᠠᠷᠢᠶᠠᠴᠢᠨ ᠤ ᠡᠪᠡᠰᠦ ᠪᠣᠷᠳᠣᠭᠠᠨ ᠤ ᠠᠰᠠᠭᠤᠳᠠᠯ ᠢ | ᠰᠢᠢᠳᠪᠦᠷᠢᠯᠡᠬᠦ ᠵᠢᠴᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠡᠮᠴᠢᠯᠡᠭᠡᠨ ᠤ ᠳᠠᠭᠠᠳᠬᠠᠯ ᠵᠡᠷᠭᠡ ᠳᠤ ᠬᠡᠷᠡᠭᠯᠡᠳᠡᠭ᠃ ᠲᠠᠷᠠᠭᠠᠴᠢ ᠶᠢᠨ ᠠᠯᠬᠤᠮ ᠳᠤ᠂ | ᠪᠢᠳᠡ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠥᠷᠨᠢᠩᠭᠦᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠠᠵᠤ ᠠᠬᠤᠢ ᠶᠢᠨ ᠪᠣᠳᠠᠲᠤ ᠬᠦᠴᠦᠨ ᠢᠶᠠᠨ | ᠨᠡᠮᠡᠭᠳᠡᠭᠦᠯᠦᠨ᠂ ᠬᠥᠭᠵᠢᠯᠲᠡ ᠶᠢᠨ ᠦᠷ᠎ᠡ ᠪᠦᠲᠦᠭᠡᠯ ᠢᠶᠠᠷ ᠮᠠᠯᠴᠢᠨ ᠲᠠᠷᠢᠶᠠᠴᠢᠳ ᠲᠤ ᠶᠡᠬᠡᠬᠡᠨ ᠠᠰᠢᠭ ᠬᠦᠷᠲᠡᠭᠡᠵᠦ᠂ ᠮᠠᠯᠴᠢᠨ ᠲᠠᠷᠢᠶᠠᠴᠢᠳ ᠤᠨ ᠠᠮᠢᠳᠤᠷᠠᠯ ᠤᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | |