ᠤᠯᠠᠭᠠᠨᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ  ︽ᠬᠤᠶᠠᠷ ᠢ ᠴᠠᠭᠠᠵᠠᠯᠠᠵᠤ ᠨᠢᠭᠡ ᠶᠢ ᠲᠡᠩᠴᠡᠭᠦᠷᠢᠲᠡᠢ ᠪᠠᠶᠢᠯᠭᠠᠬᠤ︾ ᠠᠵᠢᠯ ᠢ ᠪᠣᠳᠠᠲᠠᠢ ᠪᠥᠭᠡᠳ ᠨᠠᠷᠢᠯᠢᠭ ᠬᠢᠨ᠎ᠡ
ᠨᠡᠶᠢᠲᠡᠯᠡᠭᠰᠡᠨ ᠴᠠᠭ᠄
2025/5/12
      ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠮᠥᠩᠭᠦᠨ ᠠᠭᠤᠯᠠ ᠮᠥᠨ︾ ᠭᠡᠬᠦ ᠠᠮᠢ ᠠᠬᠤᠢ ᠶᠢᠨ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠤᠯᠠᠭᠠᠨᠪᠠᠯᠭᠠᠰᠤ ᠢᠳᠡᠪᠬᠢᠲᠡᠢ ᠪᠠᠷ ᠠᠵᠢᠯᠯᠠᠭ᠎ᠠ ᠠᠪᠴᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠂ ᠪᠥᠬᠦ ᠵᠢᠯ ᠤᠨ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ ᠪᠣᠳᠠᠲᠠᠶᠢᠵᠢᠭᠤᠯᠪᠠ᠃ ᠤᠯᠠᠭᠠᠨᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠪᠦᠬᠦ ᠬᠠᠤᠯᠢ ᠬᠡᠷᠡᠭᠵᠢᠭᠦᠯᠬᠦ ᠠᠵᠢᠯᠲᠠᠨ ᠢᠶᠠᠨ ᠵᠣᠬᠢᠶᠠᠨ ᠪᠠᠶᠢᠭᠤᠯᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠨ ᠰᠢᠢᠳᠪᠦᠷᠢᠯᠡᠬᠦ ᠳᠤ ᠬᠡᠷᠡᠭᠯᠡᠬᠦ ᠬᠠᠤᠯᠢ ᠴᠠᠭᠠᠵᠠ ᠶᠢᠨ ᠠᠰᠠᠭᠤᠳᠠᠯ ᠤᠳ ᠤᠨ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠣᠯᠣᠨ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ︾᠂ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠲᠥᠷᠥ ᠶᠢᠨ ᠪᠣᠳᠣᠯᠭ᠎ᠠ ᠶᠢ ᠣᠶᠢᠯᠠᠭᠠᠬᠤ ᠺᠠᠷᠲ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠵᠦᠢᠯ ᠵᠤᠷᠪᠤᠰ ᠢ ᠰᠤᠷᠤᠯᠴᠠᠭᠤᠯᠤᠨ᠂ ᠲᠣᠰ ᠪᠡᠶ᠎ᠡ ᠶᠢᠨ ᠣᠨᠣᠯ ᠤᠨ ᠮᠡᠳᠡᠯᠭᠡ ᠬᠢᠭᠡᠳ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠡᠯᠴᠢᠭᠡᠷᠯᠡᠭᠦᠯᠬᠦ ᠶᠢ ᠬᠤᠷᠢᠬᠤ ᠠᠵᠢᠯ ᠢ ᠡᠮᠬᠢ ᠳᠢᠭᠯᠢᠮ ᠲᠠᠢ ᠠᠬᠢᠭᠤᠯᠪᠠ᠃      ᠣᠷᠣᠨ ᠲᠣᠭᠤᠷᠢᠭ ᠬᠤᠪᠢᠶᠠᠵᠤ ᠦᠷᠭᠦᠯᠵᠢᠯᠡᠨ ᠲᠣᠭᠤᠷᠢᠨ ᠪᠠᠶᠢᠴᠠᠭᠠᠪᠠ᠃ ᠰᠡᠯᠭᠦᠨ ᠮᠠᠯᠵᠢᠭᠰᠠᠨ ᠠᠴᠠ ᠡᠬᠢᠯᠡᠨ᠂ ᠮᠠᠨ ᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠬᠢᠨ ᠠᠵᠢᠯᠲᠠᠳ ᠢᠶᠠᠨ ᠵᠡᠭᠦᠨ ᠭᠠᠴᠠᠭ᠎ᠠ᠂ ᠪᠠᠷᠠᠭᠤᠨ ᠭᠠᠴᠠᠭ᠎ᠠ᠂ ᠡᠮᠦᠨ᠎ᠡ ᠬᠤᠶᠢᠨ᠎ᠠ ᠭᠠᠴᠠᠭ᠎ᠠ ︵ᠪᠠᠯᠭᠠᠰᠤᠨ ᠲᠣᠭᠤᠷᠢᠭ ᠪᠠᠭᠲᠠᠨ᠎ᠠ︶ ᠪᠠᠷ ᠨᠢᠭᠡᠴᠢ ᠪᠣᠯᠭᠠᠨ 3 ᠠᠩᠭᠢ ᠬᠤᠪᠢᠶᠠᠵᠤ᠂ ᠪᠥᠬᠦ ᠪᠠᠯᠭᠠᠰᠤ ᠶᠢ ᠬᠡᠰᠡᠭᠯᠡᠵᠦ ᠬᠤᠪᠢᠶᠠᠨ᠂ ᠲᠣᠭᠤᠷᠢᠨ ᠪᠠᠶᠢᠴᠠᠭᠠᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠲᠣᠭᠤᠷᠢᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠳᠤ ᠢᠯᠡᠷᠡᠭᠦᠯᠪᠡᠯ ᠰᠢᠢᠳᠬᠡᠯ ᠲᠠᠢ᠂ ᠰᠢᠢᠳᠬᠡᠪᠡᠯ ᠦᠷ᠎ᠡ ᠳ᠋ᠦᠩ ᠲᠠᠢ ᠪᠠᠶᠢᠬᠤ ᠶᠢ ᠪᠡᠶᠡᠯᠡᠭᠦᠯᠪᠡ᠂ ᠣᠳᠣᠬᠠᠨ ᠳᠤ 4 ᠲᠣᠭᠲᠠᠭᠠᠯ ᠵᠥᠷᠢᠴᠡᠨ ᠮᠠᠯ ᠢᠶᠠᠨ ᠪᠡᠯᠴᠢᠭᠡᠷᠯᠡᠭᠦᠯᠦᠭᠰᠡᠨ ᠠᠵᠢᠯᠯᠠᠭ᠎ᠠ ᠶᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠃      ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ + ᠭᠤᠣᠯᠳᠠᠯᠭ᠎ᠠ ᠲᠠᠢ ᠲᠤᠰᠬᠠᠢ ᠰᠤᠭᠤᠴᠢᠨ ᠪᠠᠶᠢᠴᠠᠭᠠᠯᠲᠠ ᠬᠢᠪᠡ᠃ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠬᠠᠤᠯᠢ ᠵᠥᠷᠢᠴᠡᠭᠰᠡᠨ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠵᠢᠴᠢ ᠬᠠᠤᠯᠢ ᠲᠣᠭᠲᠠᠭᠠᠯ ᠵᠥᠷᠢᠴᠡᠭᠰᠡᠨ ᠪᠠᠷᠢᠯᠭ᠎ᠠ ᠵᠡᠷᠭᠡ ᠲᠠᠢ ᠤᠶᠠᠯᠳᠤᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠬᠢᠬᠦ᠂ ᠡᠷᠦᠬᠡ ᠶᠢ ᠳᠠᠭᠠᠭᠠᠴᠢᠯᠠᠭᠰᠠᠨ ᠺᠠᠳ᠋ᠷ ᠴᠠᠭ ᠲᠤᠬᠠᠢ ᠳᠤᠨᠢ ᠮᠠᠯᠴᠢᠨ ᠲᠠᠷᠢᠶᠠᠴᠢᠨ ᠯᠤᠭ᠎ᠠ ᠬᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠬᠠᠤᠯᠢ ᠵᠥᠷᠢᠴᠡᠭᠰᠡᠨ ᠠᠵᠢᠯᠯᠠᠭ᠎ᠠ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠪᠠ᠃ ᠡᠭᠦᠨ ᠤ ᠬᠠᠮᠲᠤ᠂ ᠭᠤᠣᠯᠳᠠᠯᠭ᠎ᠠ ᠲᠠᠢ ᠣᠷᠣᠨ ᠪᠦᠰᠡ᠂ ᠬᠠᠤᠯᠢ ᠵᠥᠷᠢᠴᠡᠭᠰᠡᠨ ᠠᠵᠢᠯᠯᠠᠭ᠎ᠠ ᠨᠡᠯᠢᠶᠡᠳ ᠣᠯᠠᠨ ᠭᠠᠷᠤᠭᠰᠠᠨ ᠭᠠᠴᠠᠭ᠎ᠠ ᠳᠤ ᠲᠤᠰᠬᠠᠢ ᠲᠣᠭᠤᠷᠢᠨ ᠪᠠᠶᠢᠴᠠᠭᠠᠯᠲᠠ ᠬᠢᠬᠦ ᠲᠤᠭ᠎ᠠ ᠤᠳᠠᠭ᠎ᠠ ᠪᠠᠨ ᠨᠡᠮᠡᠭᠳᠡᠭᠦᠯᠪᠡ᠃      ᠤᠬᠠᠭᠤᠯᠭ᠎ᠠ ᠶᠢ ᠰᠠᠶᠢᠲᠤᠷ ᠬᠢᠵᠦ ᠤᠨᠤᠯ ᠢ ᠪᠣᠳᠠᠲᠠᠢ ᠨᠠᠶᠢᠳᠠᠪᠤᠷᠢᠵᠢᠭᠤᠯᠪᠠ᠃ ᠰᠡᠯᠭᠦᠨ ᠮᠠᠯᠵᠢᠭᠰᠠᠨ ᠠᠴᠠ ᠨᠠᠭᠠᠰᠢ᠂ ᠬᠠᠤᠯᠢ ᠬᠡᠷᠡᠭᠵᠢᠭᠦᠯᠬᠦ ᠠᠩᠭᠢ ᠶᠢᠨ  ᠬᠢᠨ ᠤᠬᠠᠭᠤᠯᠭ᠎ᠠ ᠶᠢᠨ ᠠᠴᠢᠶᠠᠯᠠᠪᠤᠷᠢ ᠪᠠᠨ ᠰᠢᠨᠡᠴᠢᠯᠡᠵᠦ᠂ ᠨᠡᠭᠦᠳᠡᠯ ᠤᠬᠠᠭᠤᠯᠭ᠎ᠠ ᠶᠢᠨ ᠲᠡᠷᠭᠡᠨ ᠳᠤ ᠡᠯᠭᠦᠭᠡ ᠪᠢᠴᠢᠭᠡᠰᠦ ᠨᠠᠭᠠᠬᠤ᠂ ᠳᠥᠭᠦᠮ ᠣᠶᠢᠯᠠᠭᠠᠮᠵᠢᠲᠠᠢ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢ ᠨᠡᠪᠲᠡᠷᠡᠭᠦᠯᠬᠦ ᠵᠡᠷᠭᠡ ᠠᠷᠭ᠎ᠠ ᠬᠡᠯᠪᠡᠷᠢ ᠪᠠᠷ ᠲᠠᠷᠢᠶᠠᠨ ᠭᠠᠵᠠᠷ᠂ ᠮᠠᠯᠴᠢᠨ ᠲᠠᠷᠢᠶᠠᠴᠢᠨ ᠤ ᠭᠡᠷ ᠲᠤ ᠬᠦᠷᠴᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠡᠢ᠃ ᠣᠲᠣ ᠪᠣᠯᠲᠠᠯ᠎ᠠ᠂ ᠨᠡᠭᠦᠳᠡᠯ ᠤᠬᠠᠭᠤᠯᠭ᠎ᠠ ᠶᠢᠨ ᠲᠡᠷᠭᠡ ᠪᠠᠷ ᠨᠡᠶᠢᠲᠡ 46 ᠤᠳᠠᠭ᠎ᠠ᠂ 159 ᠡᠷᠦᠬᠡ ᠳᠤ ᠬᠦᠷᠴᠦ ᠤᠬᠠᠭᠤᠯᠭ᠎ᠠ ᠬᠢᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠤᠯᠠᠭᠠᠨᠪᠠᠯᠭᠠᠰᠤ ᠶᠢᠨ ᠬᠢᠨ ᠳᠡᠭᠡᠳᠦ ᠱᠠᠲᠤᠨ ᠤ ᠰᠠᠯᠠᠭ᠎ᠠ ᠮᠥᠴᠢᠷ ᠤᠨ ︽ᠬᠤᠶᠠᠷ ᠢ ᠴᠠᠭᠠᠵᠠᠯᠠᠬᠤ︾ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠠᠩᠬᠠᠷᠤᠨ᠂ ᠡᠯ᠎ᠡ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠵᠠᠮ ᠤᠨ ᠬᠡᠰᠡᠭ ᠢ ᠴᠢᠩᠭ᠎ᠠ ᠰᠡᠷᠭᠡᠶᠢᠯᠡᠨ ᠰᠠᠬᠢᠵᠤ᠂ ᠪᠠᠯᠭᠠᠰᠤᠨ ᠲᠣᠭᠤᠷᠢᠭ ᠤᠨ ᠨᠡᠶᠢᠭᠡᠮ ᠤᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠨ᠂ ᠲᠣᠰ ᠤᠳᠠᠭᠠᠨ ᠤ ︽ᠬᠤᠶᠠᠷ ᠢ ᠴᠠᠭᠠᠵᠠᠯᠠᠬᠤ︾ ᠪᠣᠭᠤᠮᠲᠠ ᠰᠢᠪᠲᠤᠯᠬᠤ ᠠᠵᠢᠯ ᠤᠨ ᠠᠮᠵᠢᠯᠲᠠ ᠶᠢ ᠣᠯᠬᠤ ᠪᠠᠷ ᠴᠢᠷᠮᠠᠶᠢᠨ᠎ᠠ︕ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ