ᠦᠢᠯᠡ ᠤᠶᠤᠳᠠᠯ ᠢᠶᠠᠷ ᠦᠢᠯᠡᠰ ᠪᠤᠰᠬᠠᠵᠤ ᠶᠠᠪᠤᠭ᠎ᠠ ᠬᠠᠷᠢ ᠨᠤᠳᠤᠭ ᠤᠨ ᠪᠦᠰᠡᠭᠦᠢ — ᠯᠢ ᠴᠢᠩ ᠬᠤᠸᠠ
ᠨᠡᠶᠢᠲᠡᠯᠡᠭᠰᠡᠨ ᠴᠠᠭ᠄
2025/5/12
      ᠰᠧᠴᠤᠸᠠᠨ ᠨᠤᠲᠤᠬᠳᠠᠢ ᠯᠢ ᠴᠢᠩ ᠬᠤᠸᠠ 2008 ᠤᠨ ᠳᠤ ᠣᠲᠤᠭ ᠬᠤᠰᠢᠭᠤᠨ ᠳᠤ ᠠᠶᠢᠯ ᠬᠡᠷ ᠪᠠᠶᠢᠭᠤᠯᠵᠦ ᠤᠷᠳᠤᠰ ᠨᠤᠳᠤᠭ ᠤᠨ ᠪᠡᠷᠢ ᠪᠤᠯᠵᠠᠢ᠃ ᠡᠳᠡᠭᠡᠷ ᠵᠢᠯ ᠤᠳ ᠲᠤ ᠲᠡᠷᠡ ᠬᠠᠳᠠᠮ ᠡᠵᠢ ᠠᠴᠠ ᠪᠠᠨ ᠦᠢᠯᠡ ᠣᠶᠣᠳᠠᠯ ᠤᠨ ᠮᠡᠷᠭᠡᠵᠢᠯ ᠰᠤᠷᠴᠦ ᠴᠠᠭᠠᠷᠠᠨ᠂ ᠡᠳᠦᠬᠡ ᠲᠡᠯᠭᠡᠭᠦᠷ ᠨᠡᠭᠡᠭᠡᠵᠤ ᠦᠨᠳᠦᠰᠦᠳᠡᠨ ᠤ ᠬᠤᠪᠴᠠᠰᠤ ᠵᠠᠰᠠᠯ ᠤᠶᠤᠵᠦ ᠬᠤᠳᠠᠯᠳᠤᠨ᠂ ᠦᠢᠯᠡᠰ ᠪᠤᠰᠬᠠᠵᠦ ᠪᠠᠶᠢᠨ᠎ᠠ᠃      ᠤᠷᠤᠯᠳᠤᠯᠭ᠎ᠠ ᠬᠢᠳᠡᠯ ᠠᠴᠠ ᠠᠮᠵᠢᠯᠳᠠ ᠪᠦᠲᠦᠭᠡᠯ ᠲᠤᠲᠤᠷᠠᠬᠤ ᠨᠢ ᠯᠠᠪᠳᠠᠢ᠃ ᠤᠶᠢᠷ᠎ᠠ ᠶᠢᠨ ᠵᠢᠯ ᠳᠤ ᠦᠨᠳᠦᠰᠦᠳᠡᠨ ᠤ ᠭᠠᠷ ᠤᠷᠠᠯᠠᠯ ᠤᠨ ᠪᠦᠳᠦᠬᠡᠭᠳᠡᠬᠦᠨ  ᠤ ᠵᠠᠬ᠎ᠠ ᠲᠡᠯᠭᠡᠭᠦᠷ ᠬᠦᠭᠵᠢᠶᠡᠨᠳᠡᠢ ᠪᠤᠯᠬᠤ ᠶᠢ ᠲᠠᠭᠠᠯᠳᠤᠨ ᠯᠢ ᠴᠢᠩ ᠬᠤᠸᠠ ᠶᠢᠨ ᠤᠷᠠᠯᠠᠵᠤ ᠤᠶᠤᠬᠰᠠᠨ ᠬᠤᠪᠴᠠᠰᠤ ᠵᠠᠰᠠᠯ ᠪᠠ ᠤᠷᠠᠨ ᠬᠠᠳᠬᠤᠮᠠᠯ ᠨᠢ ᠬᠡᠷᠡᠭᠯᠡᠭᠴᠢᠳ ᠲᠤ ᠲᠠᠭᠠᠰᠢᠶᠠᠬᠳᠠᠵᠤ᠂ ᠵᠠᠬᠢᠶᠠᠯᠠᠭ᠎ᠠ ᠠᠷᠪᠢᠳᠴᠦ ᠤᠷᠤᠯᠭ᠎ᠠ ᠨᠢ ᠨᠡᠮᠡᠭᠳᠡᠨ᠂ ᠬᠠᠷᠢ ᠨᠤᠳᠤᠭ ᠤᠨ ᠬᠠᠯᠠᠭᠤᠨ ᠬᠦᠷᠦᠰᠦᠨ ᠳᠤ ᠵᠤᠯ ᠵᠢᠷᠭᠠᠯ ᠲᠠᠢ ᠠᠮᠢᠳᠤᠷᠠᠨ᠎ᠠ᠃                                                                    ᠰᠤᠷᠪᠤᠯᠵᠢᠯᠠᠭᠴᠢ᠄ ᠬᠤᠷᠸ᠎ᠠ ᠲᠠᠯᠠᠨᠳᠠᠢ 
ᠢᠷᠡᠯᠲᠡ᠄ ᠣᠲᠤᠭ ᠨᠡᠶᠢᠲᠡᠯᠡᠯ