ᠭᠤᠤ ᠬᠤᠸᠠᠢ ᠵᠢᠩ ᠰᠣ᠋ ᡁᠢ ᠰᠢᠶᠦ᠋ᠡᠭ ᠵᠢᠶᠦ᠋ᠨ ᠵᠧᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ ᠴᠢᠶᠣᠤ ᠵᠧᠨ ᠢᠦᠢ ᠨᠠᠷ ᠲᠠᠢ ᠶᠠᠷᠢᠯᠴᠠᠪᠠ
ᠨᠡᠶᠢᠲᠡᠯᠡᠭᠰᠡᠨ ᠴᠠᠭ᠄
2025/5/13
      5 ᠳ᠋ᠤᠭᠠᠷ ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ ᠵᠢᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠰᠣ᠋ ᡁᠢ ᠰᠢᠶᠦ᠋ᠡᠭ ᠵᠢᠶᠦ᠋ᠨ ᠵᠧᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ ᠴᠢᠶᠣᠤ ᠵᠧᠨ ᠢᠦᠢ ᠨᠠᠷ ᠲᠠᠢ ᠶᠠᠷᠢᠯᠴᠠᠪᠠ᠃ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠵᠢᠯᠴᠠᠨ ᠠᠬᠢᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶᠠ ᠷᠦᠢ ᠬᠤᠷᠠᠯ ᠢ ᠡᠷᠬᠢᠯᠡᠪᠡ᠃
W020250512577054367399.jpg
      ᠶᠠᠷᠢᠯᠴᠠᠬᠤ ᠬᠤᠷᠠᠯ ᠳᠡᠭᠡᠷ᠎ᠡ᠂ ᠴᠢᠶᠣᠤ ᠵᠧᠨ ᠢᠦᠢ ᠠᠵᠤ ᠠᠬᠤᠶᠢᠯᠠᠯ ᠤᠨ ᠠᠵᠤ ᠦᠢᠯᠡᠰ ᠤᠨ ᠲᠥᠯᠦᠪᠵᠢᠭᠦᠯᠭᠡ᠂ ᠡᠵᠡᠩᠨᠡᠯᠲᠡ ᠶᠢᠨ ᠪᠠᠶᠢᠳᠠᠯ ᠵᠢᠴᠢ ᠣᠶᠢᠷ᠎ᠠ ᠶᠢᠨ ᠬᠤᠭᠤᠴᠠᠭᠠᠨ ᠤ ᠬᠡᠷᠡᠭᠵᠢᠭᠦᠯᠬᠦ ᠲᠦᠷᠦᠯ ᠵᠦᠢᠯ ᠤᠨ ᠪᠠᠶᠢᠳᠠᠯ ᠢ ᠲᠠᠨᠢᠯᠴᠠᠭᠤᠯᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠲᠤᠪᠠᠷ ᠠᠬᠢᠭᠤᠯᠬᠤ ᠴᠢᠬᠤᠯᠠᠲᠠᠢ ᠤᠴᠢᠷ ᠶᠠᠪᠤᠳᠠᠯ ᠤᠨ ᠲᠤᠬᠠᠢ ᠨᠢᠭᠡᠳ ᠨᠢᠭᠡ ᠪᠠᠷ ᠬᠠᠷᠢᠭᠤᠯᠲᠠ ᠬᠢᠪᠡ᠃      ᠭᠤᠸ ᠬᠤᠸᠠᠢ ᠵᠢᠩ᠂ ᠰᠣ᠋ ᡁᠢ ᠰᠢᠶᠦ᠋ᠡᠭ ᠴᠢᠶᠣᠤ ᠵᠧᠨ ᠢᠦᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ᠂ ᠵᠢᠶᠦ᠋ᠨ ᠵᠧᠩ ᠪᠦᠯᠦᠭᠯᠡᠯ ᠤᠨ ᠣᠯᠠᠨ ᠵᠢᠯ ᠤᠨ ᠲᠤᠷᠰᠢ ᠣᠲᠤᠭ ᠬᠤᠰᠢᠭᠤᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠣᠷᠣᠯᠴᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃      ᠭᠤᠸ ᠬᠤᠸᠠᠢ ᠵᠢᠩ ᠬᠡᠯᠡᠬᠦ ᠳᠡᠭᠡᠨ᠂ ᠵᠢᠶᠦ᠋ᠨ ᠵᠧᠩ ᠪᠦᠯᠦᠭᠯᠡᠯ ᠤᠨ ᠬᠢᠨ ᠬᠤᠷᠰᠢᠯᠴᠠᠬᠤ ᠦᠨᠡᠨᠴᠢ ᠰᠡᠳᠬᠢᠯ ᠢᠶᠠᠷ ᠨᠠᠷᠢᠨ ᠨᠢᠮᠪᠠᠢ ᠲᠥᠯᠥᠪᠵᠢᠭᠦᠯᠦᠭᠰᠡᠨ ᠰᠢᠯᠢᠳᠡᠭ ᠲᠦᠷᠦᠯ ᠵᠦᠢᠯ ᠢᠶᠠᠨ ᠤᠲᠤᠭ ᠬᠤᠰᠢᠭᠤᠨ ᠳᠤ ᠪᠠᠶᠢᠷᠢᠯᠠᠭᠤᠯᠤᠭᠰᠠᠨ ᠨᠢ ᠠᠵᠤ ᠠᠬᠤᠶᠢᠯᠠᠯ ᠤᠨ ᠣᠷᠣᠨ ᠨᠤᠲᠤᠭ ᠤᠨ ᠬᠥᠭᠵᠢᠯᠲᠡ ᠶᠢᠨ ᠲᠤᠬᠠᠢ ᠪᠠᠶᠢᠯᠳᠤᠬᠤ ᠪᠣᠳᠣᠯᠭ᠎ᠠ ᠶᠢᠨ ᠬᠠᠷᠠᠴᠠ ᠪᠣᠯᠣᠨ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠡᠢ᠃ ᠪᠢᠳᠡ ᠠᠵᠤ ᠠᠬᠤᠶᠢᠯᠠᠯ ᠳᠤ ᠬᠦᠰᠡᠯ ᠨᠠᠶᠢᠳᠠᠯᠭ᠎ᠠ ᠪᠠᠨ ᠲᠠᠯᠪᠢᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠢᠲᠡᠭᠡᠯ ᠳᠦᠭᠦᠷᠡᠩ ᠪᠠᠶᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠦᠢᠯᠡᠴᠢᠯᠡᠨ᠂ ᠡᠯ᠎ᠡ ᠲᠦᠷᠦᠯ ᠤᠨ ᠭᠠᠷᠳᠠᠮ ᠢ ᠭᠦᠢᠴᠡᠳᠬᠡᠬᠦ᠂ ᠬᠦᠴᠦᠨ ᠵᠦᠢᠯ ᠢ ᠪᠠᠲᠤᠯᠠᠬᠤ᠂ ᠡᠬᠢ ᠪᠠᠶᠠᠯᠢᠭ ᠢ ᠨᠢᠭᠡᠳᠬᠡᠬᠦ᠂ ᠣᠷᠣᠨ ᠪᠦᠰᠡ ᠶᠢᠨ ᠬᠠᠮᠵᠢᠯᠴᠠᠭ᠎ᠠ ᠬᠢᠬᠦ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠳᠤ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠢ ᠪᠤᠢ ᠪᠣᠯᠭᠠᠨ᠂ ᠠᠵᠤ ᠠᠬᠤᠶᠢᠯᠠᠯ ᠤᠨ ᠤᠳᠤᠭ ᠬᠤᠰᠢᠭᠤᠨ ᠳᠤ ᠪᠡᠯᠡ ᠣᠷᠣᠭᠤᠯᠬᠤ ᠳᠤ ᠰᠠᠨᠠᠭ᠎ᠠ ᠠᠮᠤᠷ᠂ ᠬᠥᠭᠵᠢᠬᠦ ᠳᠤ ᠰᠠᠨᠠᠭ᠎ᠠ ᠠᠮᠤᠷ ᠪᠠᠶᠢᠬᠤ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠤᠳᠤ ᠶᠢᠨ ᠪᠠᠶᠢᠭ᠎ᠠ ᠲᠦᠷᠦᠯ ᠵᠦᠢᠯ ᠤᠨ ᠰᠠᠭᠤᠷᠢᠨ ᠳᠡᠭᠡᠷ᠎ᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠰᠢᠯᠢᠳᠡᠭ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠦᠷᠭᠦᠯᠵᠢᠯᠡᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ᠂ ᠬᠥᠭᠵᠢᠯᠲᠡ ᠶᠢᠨ ᠣᠷᠣᠨ ᠵᠠᠢ ᠶᠢ ᠳᠠᠰᠤᠷᠠᠯᠳᠠ ᠦᠭᠡᠢ ᠥᠷᠭᠡᠳᠬᠡᠨ᠂ ᠣᠷᠣᠨ ᠨᠤᠲᠤᠭ ᠪᠣᠯᠣᠨ ᠠᠵᠤ ᠠᠬᠤᠶᠢᠯᠠᠯ ᠬᠤᠶᠠᠷ ᠲᠠᠯ᠎ᠠ ᠶᠢᠨ ᠬᠠᠷᠢᠯᠴᠠᠨ ᠠᠰᠢᠭ ᠬᠦᠷᠳᠡᠬᠦ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃      ᠰᠣ᠋ ᡁᠢ ᠰᠢᠶᠦ᠋ᠡᠭ ᠬᠡᠯᠡᠬᠦ ᠳᠡᠭᠡᠨ᠂ ᠵᠢᠶᠦ᠋ᠨ ᠵᠧᠩ ᠪᠦᠯᠦᠭᠯᠡᠯ ᠠᠵᠢᠯ ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ ᠢᠮᠠᠭᠲᠠ ᠲᠣᠭᠲᠠᠭᠤᠨ ᠢᠶᠠᠷ ᠬᠥᠭᠵᠢᠬᠦ ᠬᠠᠨᠳᠤᠰᠢ ᠪᠠᠨ ᠪᠠᠲᠤᠯᠠᠭᠰᠠᠭᠠᠷ ᠢᠷᠡᠪᠡ᠃ ᠣᠯᠠᠨ ᠵᠢᠯ ᠤᠨ ᠲᠤᠷᠰᠢ᠂ ᠠᠵᠤ ᠠᠬᠤᠶᠢᠯᠠᠯ ᠣᠲᠤᠭ ᠬᠤᠰᠢᠭᠤᠨ ᠳᠤ ᠦᠨᠳᠦᠰᠦᠯᠡᠵᠦ᠂ ᠣᠷᠣᠨ ᠨᠤᠲᠤᠭ ᠲᠠᠢ ᠬᠠᠮᠲᠤ ᠪᠠᠷ ᠬᠥᠭᠵᠢᠨ᠂ ᠬᠠᠮᠲᠤ ᠪᠠᠷ ᠳᠠᠪᠰᠢᠵᠤ᠂ ᠣᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠡᠨᠡ ᠤᠳᠠᠭ᠎ᠠ ᠶᠢᠨ ᠲᠦᠷᠦᠯ ᠵᠦᠢᠯ ᠢ ᠴᠠᠭ ᠲᠤᠨᠢ ᠲᠣᠬᠢᠷᠠᠭᠤᠯᠤᠨ ᠲᠥᠯᠥᠪᠵᠢᠭᠦᠯᠵᠦ᠂ ᠪᠢᠳᠡ ᠠᠵᠢᠯ ᠤᠨ ᠲᠤᠰᠬᠠᠢ ᠠᠩᠭᠢ ᠪᠠᠶᠢᠭᠤᠯᠤᠨ᠂ ᠠᠵᠤ ᠠᠬᠤᠶᠢᠯᠠᠯ ᠤᠨ ᠬᠡᠷᠡᠭᠴᠡᠭᠡ ᠶᠢ ᠣᠨᠣᠪᠴᠢᠲᠠᠢ ᠵᠣᠯᠭᠠᠭᠤᠯᠵᠤ᠂ ᠪᠦᠬᠦ ᠬᠡᠯᠬᠢᠶ᠎ᠡ᠂ ᠪᠦᠬᠦ ᠦᠶᠡᠯᠡᠯ ᠤᠨ ᠬᠤᠭᠤᠴᠠᠭ᠎ᠠ ᠲᠠᠢ ᠪᠠᠷ ᠠᠵᠤ ᠠᠬᠤᠶᠢᠯᠠᠯ ᠤᠨ ᠬᠥᠭᠵᠢᠯᠲᠡ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠨ᠎ᠠ᠃ ᠠᠵᠤ ᠠᠬᠤᠶᠢᠯᠠᠯ ᠤᠨ ᠬᠢᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠲᠦᠷᠭᠡᠳᠬᠡᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠥᠨᠳᠥᠷ ᠪᠦᠲᠦᠮᠵᠢᠲᠡᠢ ᠪᠠᠷ ᠵᠣᠬᠢᠶᠠᠨ ᠪᠠᠶᠢᠭᠤᠯᠤᠨ᠂ ᠬᠠᠮᠲᠤᠪᠠᠷ ᠬᠦᠴᠦᠯᠡᠵᠦ᠂ ᠦᠨᠡᠨ ᠰᠡᠳᠬᠢᠯ ᠢᠶᠠᠷ ᠢᠶᠠᠨ ᠬᠤᠷᠰᠢᠯᠴᠠᠨ᠂ ᠲᠦᠷᠦᠯ ᠵᠦᠢᠯ ᠤᠨ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠦᠷ᠎ᠡ ᠪᠦᠲᠦᠮᠵᠢ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃       ᠬᠤᠰᠢᠭᠤ ᠤᠳᠤᠷᠢᠳᠤᠯᠭ᠎ᠠ ᠱᠢ ᠢ ᠯᠧᠢ᠂ ᠦ᠋ ᠶᠦᠩ ᠨᠢᠩ ᠣᠷᠣᠯᠴᠠᠪᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ