5 ᠳ᠋ᠤᠭᠠᠷ ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠬᠤᠸᠠᠢ | ᠵᠢᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠰᠣ᠋ ᡁᠢ ᠰᠢᠶᠦ᠋ᠡᠭ ᠵᠢᠶᠦ᠋ᠨ ᠵᠧᠩ ᠪᠦᠯᠦᠭᠯᠡᠯ ᠤᠨ ᠬᠡᠷᠡᠭ | ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ ᠴᠢᠶᠣᠤ ᠵᠧᠨ ᠢᠦᠢ ᠨᠠᠷ ᠲᠠᠢ ᠶᠠᠷᠢᠯᠴᠠᠪᠠ᠃ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠬᠠᠮᠵᠢᠯᠴᠠᠨ ᠠᠬᠢᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠢᠶᠠ ᠷᠦᠢ ᠬᠤᠷᠠᠯ ᠢ ᠡᠷᠬᠢᠯᠡᠪᠡ᠃ | ᠶᠠᠷᠢᠯᠴᠠᠬᠤ ᠬᠤᠷᠠᠯ ᠳᠡᠭᠡᠷ᠎ᠡ᠂ ᠴᠢᠶᠣᠤ ᠵᠧᠨ ᠢᠦᠢ ᠠᠵᠤ ᠠᠬᠤᠶᠢᠯᠠᠯ ᠤᠨ ᠠᠵᠤ ᠦᠢᠯᠡᠰ ᠤᠨ ᠲᠥᠯᠦᠪᠵᠢᠭᠦᠯᠭᠡ᠂ ᠡᠵᠡᠩᠨᠡᠯᠲᠡ ᠶᠢᠨ ᠪᠠᠶᠢᠳᠠᠯ ᠵᠢᠴᠢ | ᠣᠶᠢᠷ᠎ᠠ ᠶᠢᠨ ᠬᠤᠭᠤᠴᠠᠭᠠᠨ ᠤ ᠬᠡᠷᠡᠭᠵᠢᠭᠦᠯᠬᠦ ᠲᠦᠷᠦᠯ ᠵᠦᠢᠯ ᠤᠨ ᠪᠠᠶᠢᠳᠠᠯ ᠢ ᠲᠠᠨᠢᠯᠴᠠᠭᠤᠯᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠲᠤᠪᠠᠷ | ᠠᠬᠢᠭᠤᠯᠬᠤ ᠴᠢᠬᠤᠯᠠᠲᠠᠢ ᠤᠴᠢᠷ ᠶᠠᠪᠤᠳᠠᠯ ᠤᠨ ᠲᠤᠬᠠᠢ ᠨᠢᠭᠡᠳ ᠨᠢᠭᠡ ᠪᠠᠷ ᠬᠠᠷᠢᠭᠤᠯᠲᠠ ᠬᠢᠪᠡ᠃ | ᠭᠤᠸ ᠬᠤᠸᠠᠢ ᠵᠢᠩ᠂ ᠰᠣ᠋ ᡁᠢ ᠰᠢᠶᠦ᠋ᠡᠭ ᠴᠢᠶᠣᠤ ᠵᠧᠨ ᠢᠦᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ᠂ ᠵᠢᠶᠦ᠋ᠨ ᠵᠧᠩ ᠪᠦᠯᠦᠭᠯᠡᠯ ᠤᠨ | ᠣᠯᠠᠨ ᠵᠢᠯ ᠤᠨ ᠲᠤᠷᠰᠢ ᠣᠲᠤᠭ ᠬᠤᠰᠢᠭᠤᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠣᠷᠣᠯᠴᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠭᠤᠸ ᠬᠤᠸᠠᠢ ᠵᠢᠩ ᠬᠡᠯᠡᠬᠦ ᠳᠡᠭᠡᠨ᠂ ᠵᠢᠶᠦ᠋ᠨ ᠵᠧᠩ ᠪᠦᠯᠦᠭᠯᠡᠯ ᠤᠨ ᠬᠢᠨ ᠬᠤᠷᠰᠢᠯᠴᠠᠬᠤ ᠦᠨᠡᠨᠴᠢ ᠰᠡᠳᠬᠢᠯ ᠢᠶᠠᠷ ᠨᠠᠷᠢᠨ ᠨᠢᠮᠪᠠᠢ ᠲᠥᠯᠥᠪᠵᠢᠭᠦᠯᠦᠭᠰᠡᠨ | ᠰᠢᠯᠢᠳᠡᠭ ᠲᠦᠷᠦᠯ ᠵᠦᠢᠯ ᠢᠶᠠᠨ ᠤᠲᠤᠭ ᠬᠤᠰᠢᠭᠤᠨ ᠳᠤ ᠪᠠᠶᠢᠷᠢᠯᠠᠭᠤᠯᠤᠭᠰᠠᠨ ᠨᠢ ᠠᠵᠤ ᠠᠬᠤᠶᠢᠯᠠᠯ ᠤᠨ ᠣᠷᠣᠨ ᠨᠤᠲᠤᠭ ᠤᠨ ᠬᠥᠭᠵᠢᠯᠲᠡ ᠶᠢᠨ ᠲᠤᠬᠠᠢ | ᠪᠠᠶᠢᠯᠳᠤᠬᠤ ᠪᠣᠳᠣᠯᠭ᠎ᠠ ᠶᠢᠨ ᠬᠠᠷᠠᠴᠠ ᠪᠣᠯᠣᠨ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠡᠢ᠃ ᠪᠢᠳᠡ ᠠᠵᠤ ᠠᠬᠤᠶᠢᠯᠠᠯ ᠳᠤ ᠬᠦᠰᠡᠯ ᠨᠠᠶᠢᠳᠠᠯᠭ᠎ᠠ ᠪᠠᠨ | ᠲᠠᠯᠪᠢᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠢᠲᠡᠭᠡᠯ ᠳᠦᠭᠦᠷᠡᠩ ᠪᠠᠶᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ | ᠢᠳᠡᠪᠬᠢᠲᠡᠢ ᠦᠢᠯᠡᠴᠢᠯᠡᠨ᠂ ᠡᠯ᠎ᠡ ᠲᠦᠷᠦᠯ ᠤᠨ ᠭᠠᠷᠳᠠᠮ ᠢ ᠭᠦᠢᠴᠡᠳᠬᠡᠬᠦ᠂ ᠬᠦᠴᠦᠨ ᠵᠦᠢᠯ ᠢ ᠪᠠᠲᠤᠯᠠᠬᠤ᠂ ᠡᠬᠢ ᠪᠠᠶᠠᠯᠢᠭ ᠢ ᠨᠢᠭᠡᠳᠬᠡᠬᠦ᠂ ᠣᠷᠣᠨ ᠪᠦᠰᠡ ᠶᠢᠨ | ᠬᠠᠮᠵᠢᠯᠴᠠᠭ᠎ᠠ ᠬᠢᠬᠦ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠳᠤ ᠬᠠᠮᠤᠭ ᠤᠨ ᠰᠢᠯᠢᠳᠡᠭ | ᠬᠤᠳᠠᠯᠳᠤᠭ᠎ᠠ ᠡᠷᠬᠢᠯᠡᠬᠦ ᠣᠷᠴᠢᠨ ᠢ ᠪᠤᠢ ᠪᠣᠯᠭᠠᠨ᠂ ᠠᠵᠤ ᠠᠬᠤᠶᠢᠯᠠᠯ ᠤᠨ ᠤᠳᠤᠭ ᠬᠤᠰᠢᠭᠤᠨ ᠳᠤ ᠪᠡᠯᠡ ᠣᠷᠣᠭᠤᠯᠬᠤ ᠳᠤ ᠰᠠᠨᠠᠭ᠎ᠠ ᠠᠮᠤᠷ᠂ ᠬᠥᠭᠵᠢᠬᠦ ᠳᠤ | ᠰᠠᠨᠠᠭ᠎ᠠ ᠠᠮᠤᠷ ᠪᠠᠶᠢᠬᠤ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠤᠳᠤ ᠶᠢᠨ ᠪᠠᠶᠢᠭ᠎ᠠ ᠲᠦᠷᠦᠯ ᠵᠦᠢᠯ ᠤᠨ ᠰᠠᠭᠤᠷᠢᠨ ᠳᠡᠭᠡᠷ᠎ᠡ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠰᠢᠯᠢᠳᠡᠭ ᠲᠦᠷᠦᠯ ᠵᠦᠢᠯ ᠢ ᠢᠳᠡᠪᠬᠢᠲᠡᠢ ᠲᠥᠯᠥᠪᠵᠢᠭᠦᠯᠵᠦ᠂ | ᠦᠷᠭᠦᠯᠵᠢᠯᠡᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ᠂ ᠬᠥᠭᠵᠢᠯᠲᠡ ᠶᠢᠨ ᠣᠷᠣᠨ ᠵᠠᠢ ᠶᠢ ᠳᠠᠰᠤᠷᠠᠯᠳᠠ ᠦᠭᠡᠢ ᠥᠷᠭᠡᠳᠬᠡᠨ᠂ ᠣᠷᠣᠨ ᠨᠤᠲᠤᠭ | ᠪᠣᠯᠣᠨ ᠠᠵᠤ ᠠᠬᠤᠶᠢᠯᠠᠯ ᠬᠤᠶᠠᠷ ᠲᠠᠯ᠎ᠠ ᠶᠢᠨ ᠬᠠᠷᠢᠯᠴᠠᠨ ᠠᠰᠢᠭ ᠬᠦᠷᠳᠡᠬᠦ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃ | ᠰᠣ᠋ ᡁᠢ ᠰᠢᠶᠦ᠋ᠡᠭ ᠬᠡᠯᠡᠬᠦ ᠳᠡᠭᠡᠨ᠂ ᠵᠢᠶᠦ᠋ᠨ ᠵᠧᠩ ᠪᠦᠯᠦᠭᠯᠡᠯ ᠠᠵᠢᠯ ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ ᠢᠮᠠᠭᠲᠠ | ᠲᠣᠭᠲᠠᠭᠤᠨ ᠢᠶᠠᠷ ᠬᠥᠭᠵᠢᠬᠦ ᠬᠠᠨᠳᠤᠰᠢ ᠪᠠᠨ ᠪᠠᠲᠤᠯᠠᠭᠰᠠᠭᠠᠷ ᠢᠷᠡᠪᠡ᠃ ᠣᠯᠠᠨ ᠵᠢᠯ ᠤᠨ ᠲᠤᠷᠰᠢ᠂ ᠠᠵᠤ ᠠᠬᠤᠶᠢᠯᠠᠯ ᠣᠲᠤᠭ ᠬᠤᠰᠢᠭᠤᠨ ᠳᠤ ᠦᠨᠳᠦᠰᠦᠯᠡᠵᠦ᠂ | ᠣᠷᠣᠨ ᠨᠤᠲᠤᠭ ᠲᠠᠢ ᠬᠠᠮᠲᠤ ᠪᠠᠷ ᠬᠥᠭᠵᠢᠨ᠂ ᠬᠠᠮᠲᠤ ᠪᠠᠷ ᠳᠠᠪᠰᠢᠵᠤ᠂ ᠣᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ | ᠦᠵᠡᠭᠦᠯᠦᠭᠰᠡᠨ ᠪᠠᠶᠢᠨ᠎ᠠ᠃ ᠡᠨᠡ ᠤᠳᠠᠭ᠎ᠠ ᠶᠢᠨ ᠲᠦᠷᠦᠯ ᠵᠦᠢᠯ ᠢ ᠴᠠᠭ ᠲᠤᠨᠢ ᠲᠣᠬᠢᠷᠠᠭᠤᠯᠤᠨ ᠲᠥᠯᠥᠪᠵᠢᠭᠦᠯᠵᠦ᠂ ᠪᠢᠳᠡ ᠠᠵᠢᠯ ᠤᠨ ᠲᠤᠰᠬᠠᠢ ᠠᠩᠭᠢ | ᠪᠠᠶᠢᠭᠤᠯᠤᠨ᠂ ᠠᠵᠤ ᠠᠬᠤᠶᠢᠯᠠᠯ ᠤᠨ ᠬᠡᠷᠡᠭᠴᠡᠭᠡ ᠶᠢ ᠣᠨᠣᠪᠴᠢᠲᠠᠢ ᠵᠣᠯᠭᠠᠭᠤᠯᠵᠤ᠂ ᠪᠦᠬᠦ ᠬᠡᠯᠬᠢᠶ᠎ᠡ᠂ ᠪᠦᠬᠦ ᠦᠶᠡᠯᠡᠯ ᠤᠨ ᠬᠤᠭᠤᠴᠠᠭ᠎ᠠ ᠲᠠᠢ ᠪᠠᠷ ᠠᠵᠤ | ᠠᠬᠤᠶᠢᠯᠠᠯ ᠤᠨ ᠬᠥᠭᠵᠢᠯᠲᠡ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠨ᠎ᠠ᠃ ᠠᠵᠤ ᠠᠬᠤᠶᠢᠯᠠᠯ ᠤᠨ ᠬᠢᠨ ᠲᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠲᠦᠷᠭᠡᠳᠬᠡᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠥᠨᠳᠥᠷ ᠪᠦᠲᠦᠮᠵᠢᠲᠡᠢ ᠪᠠᠷ ᠵᠣᠬᠢᠶᠠᠨ | ᠪᠠᠶᠢᠭᠤᠯᠤᠨ᠂ ᠬᠠᠮᠲᠤᠪᠠᠷ ᠬᠦᠴᠦᠯᠡᠵᠦ᠂ ᠦᠨᠡᠨ ᠰᠡᠳᠬᠢᠯ ᠢᠶᠠᠷ ᠢᠶᠠᠨ ᠬᠤᠷᠰᠢᠯᠴᠠᠨ᠂ ᠲᠦᠷᠦᠯ ᠵᠦᠢᠯ ᠤᠨ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠦᠷ᠎ᠡ | ᠪᠦᠲᠦᠮᠵᠢ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃ | ᠬᠤᠰᠢᠭᠤ ᠤᠳᠤᠷᠢᠳᠤᠯᠭ᠎ᠠ ᠱᠢ ᠢ ᠯᠧᠢ᠂ ᠦ᠋ ᠶᠦᠩ ᠨᠢᠩ ᠣᠷᠣᠯᠴᠠᠪᠠ᠃ | | | |