ᠤᠳᠤᠷᠢᠳᠬᠠᠯ᠄ ᠲᠠᠯ᠎ᠠ ᠨᠤᠳᠤᠭ ᠤᠨ ᠨᠤᠭᠤᠭᠠᠷᠠᠬᠤ ᠶᠢ ᠲᠠᠭᠠᠯᠳᠤᠨ᠂ ᠤᠳᠤᠭ ᠬᠤᠰᠢᠭᠤᠨ ᠤ ᠲᠠᠷᠢᠶᠠᠯᠠᠩ ᠤᠨ ᠠᠵᠢᠯ ᠴᠦ ᠡᠬᠢᠯᠡᠵᠦ᠂ ᠵᠢᠯᠤᠭᠤᠴᠢ ᠦᠬᠡᠢ | ᠨᠢᠰᠬᠡᠯ ᠨᠢ ᠲᠠᠷᠢᠶᠠᠯᠠᠩ ᠦᠢᠯᠡᠳᠪᠤᠷᠢᠯᠡᠯ ᠳᠤ ︽ᠬᠠᠪᠰᠤᠷᠤᠭᠴᠢ︾ ᠪᠤᠯᠵᠦ ᠪᠠᠶᠢᠨ᠎ᠠ᠃ | ᠲᠠᠶᠢᠯᠪᠤᠷᠢ᠄ ︽ᠡᠨᠡ ᠬᠡᠰᠡᠭ ᠭᠠᠵᠠᠷ ᠢ ᠢᠯᠡᠬᠦᠤ ᠰᠢᠭ ᠤᠰᠤᠯᠠᠬᠤ ᠴᠢᠬᠤᠯᠠ ᠲᠠᠢ᠂ ᠡᠰᠡ ᠲᠡᠶᠢᠮᠦ ᠪᠤᠯ ᠴᠢᠭᠢᠭ ᠤᠨ ᠬᠡᠮᠵᠢᠶ᠎ᠡ ᠬᠦᠷᠦᠯᠴᠡᠬᠦ ᠦᠭᠡᠢ ᠠᠴᠠ | ᠪᠤᠯᠵᠦ ᠴᠢᠬᠢ ᠬᠦᠨ ᠦᠨᠳᠦᠰᠦᠯᠡᠵᠦ ᠲᠠᠶᠢᠯᠬᠦ ᠦᠭᠡᠢ︾ ᠵᠢᠯᠤᠭᠤᠴᠢ ᠦᠬᠡᠢ ᠨᠢᠰᠬᠡᠯ ᠢ ᠡᠵᠡᠮᠳᠠᠵᠦ ᠪᠠᠶᠢᠭ᠎ᠠ ᠡᠨᠡ ᠬᠦᠮᠦᠨ ᠢ ᠸᠠᠩ ᠯᠢ ᠬᠡᠳᠡᠭ᠂ 2023 | ᠣᠨ ᠳᠤ ᠴᠡᠷᠢᠭ ᠤᠨ ᠠᠯᠪᠠ ᠠᠴᠠ ᠬᠠᠯᠠᠭᠳᠠᠨ ᠨᠤᠲᠤᠭ ᠲᠠᠭᠠᠨ ᠪᠤᠴᠠᠨ ᠢᠷᠡᠭᠰᠡᠨ ᠡᠮᠡᠭᠳᠡᠢ ᠣᠶᠤᠲᠠᠨ ᠴᠡᠷᠢᠭ ᠪᠣᠯᠤᠨ᠎ᠠ᠂ ᠲᠡᠭᠦᠨ ᠤ ︽ᠬᠠᠪᠰᠤᠷᠤᠭᠴᠢ︾ ᠪᠣᠯ | ᠤᠶᠢᠷ᠎ᠠ ᠶᠢᠨ ᠵᠢᠯ ᠲᠠᠷᠢᠶᠠᠯᠠᠩ ᠦᠢᠯᠡᠳᠪᠤᠷᠢᠯᠡᠯ ᠳᠤ ᠥᠷᠭᠡᠨ ᠢᠶᠠᠷ ᠬᠡᠷᠡᠭᠯᠡᠵᠦ ᠪᠠᠶᠢᠭ᠎ᠠ ᠵᠢᠯᠣᠭᠤᠴᠢ ᠦᠭᠡᠢ ᠨᠢᠰᠭᠡᠯ ᠪᠣᠯᠤᠨ᠎ᠠ᠃ ᠲᠡᠭᠦᠨ ᠤ ᠨᠤᠲᠤᠭ ᠦᠮᠡᠭᠡᠶᠢᠨᠠᠭᠤᠷ | ᠪᠠᠯᠭᠠᠰᠤᠨ ᠤ ᠠᠶᠢᠯ ᠪᠤᠯᠭᠠᠨ ᠳᠤ ᠪᠠᠷᠤᠭ ᠲᠠᠷᠢᠶᠠᠨ ᠭᠠᠵᠠᠷ ᠲᠠᠢ᠂ ᠭᠡᠪᠡᠴᠦ ᠲᠠᠷᠢᠶᠠᠨ ᠭᠠᠵᠠᠷ ᠨᠢ ᠵᠠᠯᠭᠠᠯᠳᠤᠵᠦ ᠦᠬᠡᠢ ᠪᠣᠯᠬᠤᠷ ᠶᠡᠷᠤᠩᠭᠡᠢ ᠳᠤ ᠪᠠᠨ ᠬᠦᠮᠦᠨ ᠤ | ᠬᠦᠴᠦ ᠪᠠᠷ ᠲᠠᠷᠢᠶᠠᠯᠠᠬᠤ ᠪᠠᠷ ᠭᠤᠤᠯᠯᠠᠳᠠᠭ᠃ | ᠸᠠᠩ ᠯᠢ᠄ ᠪᠢ 2023 ᠣᠨ ᠳᠤ ᠨᠤᠳᠤᠭ ᠲᠤ ᠪᠠᠨ ᠬᠠᠷᠢᠵᠤ ᠢᠷᠡᠭᠰᠡᠨ ᠤ ᠲᠠᠷᠠᠭ᠎ᠠ᠂ ᠬᠥᠷᠰᠢ ᠵᠡᠷᠭᠡᠯᠡᠳᠡᠭᠡ ᠠᠶᠢᠯ ᠰᠠᠭᠠᠬᠠᠯᠲᠠ ᠶᠢᠨ ᠬᠢᠨ | ᠨᠡᠶᠢᠳᠡᠮ ᠳᠡᠭᠡᠨ ᠨᠠᠰᠤ ᠠᠭᠢᠵᠤ᠂ ᠬᠦᠨᠳᠦ ᠲᠠᠷᠢᠶᠠᠯᠠᠩ ᠤᠨ ᠠᠵᠢᠯ ᠢ ᠬᠢᠵᠦ ᠳᠡᠶᠢᠯᠬᠦ ᠦᠭᠡᠢ ᠪᠣᠯᠤᠭᠰᠠᠨ ᠢ ᠮᠡᠳᠡᠵᠡᠢ᠂ ᠢᠩᠭᠡᠭᠡᠳ ᠶᠠᠭᠤ ᠨᠢᠬᠡ ᠶᠢ ᠬᠢᠵᠦ᠂ | ᠲᠠᠷᠢᠶᠠᠨ ᠠᠵᠢᠯ ᠢ ᠨᠢ ᠬᠦᠩᠭᠡᠯᠡᠶᠡ ᠬᠡᠰᠡᠨ ᠪᠤᠳᠤᠯ ᠤᠷᠤᠵᠠᠢ᠃ | ᠬᠡᠯᠡᠭᠰᠡᠨ ᠢᠶᠠᠨ ᠬᠢᠵᠦ᠂ ᠬᠦᠰᠡᠭᠰᠡᠨ ᠢᠶᠠᠨ ᠪᠦᠳᠦᠬᠡᠭᠦ ᠬᠡᠳᠡᠭ ᠢᠶᠠᠷ᠂ ᠸᠠᠩ ᠯᠢ ᠤᠳᠠᠯ ᠦᠬᠡᠢ ᠲᠣᠮᠣ ᠬᠡᠯᠪᠡᠷᠢ ᠶᠢᠨ ᠵᠢᠯᠣᠭᠤᠴᠢ ᠦᠭᠡᠢ ᠨᠢᠰᠬᠡᠯ ᠤᠨ | ᠵᠢᠯᠣᠭᠤᠴᠢ ᠶᠢᠨ ᠦᠨᠡᠮᠯᠡᠯ ᠢᠶᠠᠨ ᠠᠪᠴᠦ᠂ ᠪᠠᠰᠠ ᠲᠠᠷᠢᠶᠠᠯᠠᠩ ᠳᠤ ᠬᠡᠷᠡᠭᠯᠡᠬᠦ ᠵᠢᠯᠣᠭᠤᠴᠢ ᠦᠭᠡᠢ ᠨᠢᠰᠬᠡᠯ ᠠᠪᠤᠨ ᠠᠩᠬᠠᠨ ᠤ ᠲᠤᠷᠰᠢᠯᠲᠠ ᠬᠢᠪᠡ᠃ ᠵᠢᠯᠣᠭᠤᠴᠢ | ᠥᠬᠡᠶ ᠨᠢᠰᠬᠡᠯ ᠨᠢ ᠠᠶᠢᠯ ᠰᠠᠭᠠᠬᠠᠯᠳᠠ ᠶᠢᠨ ᠬᠦᠮᠦᠰ ᠢ ᠬᠡᠳᠦᠶᠢᠪᠡᠷ ᠬᠦᠳᠡᠯᠮᠦᠷᠢ ᠬᠦᠴᠦ ᠶᠢ ᠠᠷᠪᠢᠯᠠᠵᠦ ᠰᠢᠨ᠎ᠡ ᠰᠡᠪᠡᠭᠦᠨ ᠰᠠᠨᠠᠭᠳᠠᠭᠤᠯᠤᠭᠰᠠᠨ ᠪᠤᠯᠪᠠᠴᠦ ᠸᠠᠩ | ᠯᠢ ᠶᠢᠨ ᠠᠪᠤ ᠡᠵᠢ ᠳᠤᠨᠢ ᠰᠠᠨᠠᠭᠠᠨ ᠤ ᠵᠤᠪᠠᠯᠠᠩ ᠠᠪᠴᠢᠷᠠᠭᠰᠠᠨ ᠪᠠᠶᠢᠯ᠎ᠠ᠃ ᠸᠠᠩ ᠯᠢ ᠶᠢᠨ ᠠᠪᠤ ᠶᠢᠨ ᠬᠢᠨᠢ ᠦᠭᠡ ᠪᠠᠷ ᠬᠡᠯᠡᠪᠡᠯ᠂ ᠵᠢᠯᠣᠭᠤᠴᠢ ᠦᠭᠡᠢ ᠨᠢᠰᠭᠡᠯ ᠢᠶᠠᠷ | ᠲᠠᠷᠢᠶᠠᠨ ᠡᠮ ᠰᠠᠴᠤᠬᠤ ᠪᠤᠶᠤ ᠲᠡᠷᠢᠶ᠎ᠡ ᠤᠰᠤᠯᠠᠬᠤ ᠳᠤ ᠶᠡᠷᠦ ᠨᠢ ᠣᠷᠣᠢ ᠰᠠᠶ᠋ᠢ ᠤᠷᠤᠭᠰᠢᠳᠠᠢ ᠠᠵᠢᠯᠯᠠᠵᠤ ᠴᠢᠳᠠᠨ᠎ᠠ᠂ ᠸᠠᠩ ᠯᠢ ᠠᠵᠢᠯ ᠳᠤ ᠭᠠᠷᠬᠤ ᠳᠤ ᠪᠠᠨ | ᠭᠠᠭᠴᠠᠭᠠᠷ ᠢᠶᠠᠨ ᠲᠡᠷᠭᠡ ᠵᠢᠯᠣᠭᠤᠳᠴᠤ ᠶᠠᠪᠤᠨ᠎ᠠ᠂ ᠲᠡᠷᠡ ᠮᠥᠷᠲᠡᠭᠡᠨ ᠲᠠᠷᠢᠶᠠᠯᠠᠩ ᠤᠨ ᠵᠢᠯᠣᠭᠤᠴᠢ ᠦᠭᠡᠢ ᠨᠢᠰᠭᠡᠯ ᠴᠦ ᠲᠡᠷᠡ᠂ ᠳ᠋ᠢᠶᠠᠨ ᡂᠢ ᠴᠦ ᠲᠡᠷᠡ ᠮᠠᠰᠢ | ᠬᠦᠨᠳᠦ ᠪᠠᠶᠢᠵᠦ᠂ ᠬᠡᠦᠬᠡᠨ ᠬᠦᠮᠦᠨ ᠰᠦᠨᠢ ᠲᠦᠯᠢ ᠪᠠᠷ ᠭᠠᠳᠠᠭᠰᠢ ᠶᠠᠪᠤᠬᠤ ᠳᠤ ᠶᠡᠷᠤ ᠨᠢ ᠰᠠᠨᠠᠭ᠎ᠠ ᠠᠮᠤᠷ ᠦᠭᠡᠢ ᠪᠠᠶᠢᠪᠠ᠃ | ᠭᠡᠪᠡᠴᠦ ᠸᠠᠩ ᠯᠢ ᠡᠨᠡᠬᠦ ᠠᠵᠢᠯ ᠢᠶᠠᠨ ᠪᠠᠷᠢᠮᠳᠠᠯᠠᠵᠦ᠂ ᠬᠤᠶᠠᠷ ᠵᠢᠯ ᠤᠨ ᠰᠢᠷᠭᠠᠭᠤ ᠴᠢᠷᠮᠠᠶᠢᠯᠭ᠎ᠠ ᠪᠠᠷ ᠦᠢᠯᠡᠴᠢᠯᠡᠭᠡᠨ ᠤ ᠬᠡᠪᠴᠢᠶ᠎ᠡ ᠨᠢ ᠤᠯᠠᠮ ᠠᠴᠠ ᠤᠯᠠᠮ | ᠥᠷᠭᠡᠵᠢᠵᠦ᠂ ᠵᠢᠯᠣᠭᠤᠴᠢ ᠦᠭᠡᠢ ᠨᠢᠰᠬᠡᠯ ᠢᠶᠠᠨ ᠴᠤ ᠰᠢᠨ᠎ᠡ ᠪᠠᠷ ᠰᠤᠯᠢᠵᠠᠢ᠃ ᠣᠶᠢᠷ᠎ᠠ ᠵᠡᠷᠭᠡᠯᠡᠳᠡᠭᠡ ᠠᠶᠢᠯ ᠰᠠᠭᠠᠬᠠᠯᠳᠠ ᠶᠢᠨ ᠮᠠᠭᠳᠠᠭᠠᠯ ᠳᠤᠮᠳᠠ᠂ ᠸᠠᠩ ᠯᠢ | ᠶᠢᠨ ᠠᠪᠤ ᠡᠵᠢ ᠨᠢ ᠴᠤ ᠠᠭᠠᠵᠢᠮ ᠢᠶᠠᠷ ᠪᠥᠬᠦ ᠬᠦᠴᠦᠨ ᠢᠶᠠᠷ ᠲᠡᠮᠵᠢᠬᠦ ᠪᠤᠯᠵᠠᠢ᠃ | ᠸᠠᠩ ᠯᠢ᠄ ᠨᠡᠩ ᠶᠡᠭᠡ ᠵᠢᠯᠤᠭᠤᠴᠢ ᠦᠭᠡᠢ ᠨᠢᠰᠭᠡᠯ ᠢ ᠰᠣᠯᠢᠭᠰᠠᠨ ᠲᠤᠯᠠ᠂ ᠣᠳᠣ ᠦᠨᠳᠦᠰᠦᠨ ᠳᠡᠭᠡᠨ ᠠᠪᠤ ᠨᠠᠳᠠ ᠲᠠᠢ ᠬᠠᠮᠲᠤ ᠶᠠᠪᠤᠵᠤ ᠪᠠᠶᠢᠨ᠎ᠠ᠃ ᠡᠨᠡ | ᠬᠤᠶᠠᠷ ᠵᠢᠯ ᠤᠨ ᠠᠰᠢᠭ ᠣᠷᠣᠯᠭ᠎ᠠ ᠰᠠᠶᠢᠨ ᠦᠶ᠎ᠡ ᠳᠤ ᠪᠦᠷ ᠠᠮᠵᠢᠬᠤ ᠦᠬᠡᠢ ᠪᠠᠶᠢᠨ᠎ᠠ᠂ ᠵᠢᠯ ᠳᠤ ᠠᠷᠪᠠᠨ ᠲᠦᠮᠡ ᠭᠠᠷᠤᠢ ᠲᠦᠬᠦᠷᠢᠭ ᠤᠨ ᠤᠷᠤᠯᠭ᠎ᠠ ᠲᠠᠢ᠃ | ᠣᠳᠣ ᠪᠠᠰᠠ ᠬᠥᠮᠥᠨ ᠡᠯᠰᠡᠵᠦ᠂ ᠦᠢᠯᠡᠴᠢᠯᠡᠭᠡ ᠶᠢᠨ ᠬᠦᠷᠢᠶ᠎ᠡ ᠬᠡᠪᠴᠢᠶ᠎ᠡ ᠶᠢ ᠪᠠᠰᠠ ᠵᠢᠭᠠᠬᠠᠨ ᠦᠷᠭᠡᠳᠭᠡᠶᠡ ᠬᠡᠵᠦ ᠪᠤᠳᠤᠵᠦ ᠪᠠᠶᠢᠨ᠎ᠠ᠃ | ᠸᠠᠩ ᠯᠢ ᠶᠢᠨ ᠳᠠᠭᠠᠭᠤᠯᠭ᠎ᠠ ᠪᠠ ᠬᠠᠪᠰᠤᠷᠤᠯᠭ᠎ᠠ ᠳᠣᠤᠷ᠎ᠠ᠂ ᠤᠳᠤ ᠡᠷᠬᠢᠨ ᠲᠣᠭᠤᠷᠢᠨ ᠤ ᠭᠠᠴᠠᠭ᠎ᠠ ᠲᠣᠰᠬᠤᠨ ᠳᠤ ᠲᠠᠷᠢᠶᠠᠯᠠᠩ ᠳᠤ ᠬᠡᠷᠡᠭᠯᠡᠬᠦ ᠵᠢᠯᠣᠭᠤᠴᠢ | ᠥᠬᠡᠶ ᠨᠢᠰᠬᠡᠯ ᠣᠯᠠᠰᠢᠷᠠᠵᠤ᠂ ᠵᠢᠯᠣᠭᠤᠴᠢ ᠥᠬᠡᠶ ᠨᠢᠰᠬᠡᠯ ᠢ ᠡᠵᠡᠮᠳᠡᠵᠦ ᠲᠡᠶᠢᠯᠬᠦ ᠮᠠᠯᠴᠢᠨ ᠲᠠᠷᠢᠶᠠᠴᠢᠨ ᠨᠠᠩ ᠣᠯᠠᠨ ᠪᠤᠯᠵᠠᠢ᠃ ᠲᠠᠷᠢᠶᠠᠯᠠᠭ᠎ᠠ ᠶᠢᠨ ᠤᠯᠠᠷᠢᠯ ᠳᠤ᠂ | ᠵᠢᠯᠣᠭᠤᠴᠢ ᠥᠬᠡᠶ ᠨᠢᠰᠬᠡᠯ ᠨᠢ ᠲᠠᠷᠢᠶᠠᠯᠠᠩ ᠤᠨ ᠬᠥᠭᠵᠢᠯᠲᠡ ᠳᠤ ᠨᠡᠩ ᠶᠡᠭᠡ ᠬᠦᠴᠦᠨ ᠨᠡᠮᠡᠷᠢᠯᠡᠬᠦ ᠨᠢ ᠯᠠᠪᠳᠠᠢ᠃ | | ᠰᠤᠷᠪᠤᠯᠵᠢᠯᠠᠭᠴᠢ᠄ ᠪᠠᠢ ᠰᠠᠶᠢᠨᠪᠢᠯᠢᠭ᠌ | |