ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 14 ᠤ ᠴᠠᠭᠢᠯᠭᠠᠨ ᠮᠡᠳᠡᠭᠡ 5 ᠰᠠᠷ᠎ᠠ ᠶᠢᠨ 14 ᠤ ᠦᠳᠡ ᠶᠢᠨ ᠡᠮᠦᠨ᠎ᠡ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠳᠤ ᠣᠷᠤᠯᠴᠠᠬᠤ ᠪᠠᠷ | ᠢᠷᠡᠭᠰᠡᠨ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲᠷᠤ᠋ ᠲᠠᠢ ᠠᠭᠤᠯᠵᠠᠪᠠ᠃ | | | | 5 ᠰᠠᠷ᠎ᠠ ᠶᠢᠨ 14 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ | ᠬᠤᠭᠤᠴᠠᠭᠠᠨ ᠤ ᠰᠠᠶᠢᠳ ᠤᠨ ᠲᠠᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠲ᠋ᠧᠷᠤ᠋ ᠲᠠᠢ ᠠᠭᠤᠯᠵᠠᠪᠠ᠃ ︵ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ︶ | ᠰᠢ ᠶᠢᠨ ᠫᠢᠩ᠂ ᠺᠣᠯᠣᠮᠪᠢᠶ᠎ᠠ ᠪᠣᠯ ᠯᠠᠲ᠋ᠢᠨ ᠠᠮᠧᠷᠢᠺᠠ ᠲᠢᠪ ᠤᠨ ᠴᠢᠬᠤᠯᠠ ᠤᠯᠤᠰ ᠮᠥᠨ᠂ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ | ᠥᠨᠳᠥᠷᠴᠡ ᠪᠠ ᠠᠯᠤᠰ ᠭᠡᠲᠦ ᠶᠢᠨ ᠬᠠᠷᠠᠭᠠᠰᠤ ᠠᠴᠠ ᠬᠤᠶᠠᠷ ᠤᠯᠤᠰ ᠤᠨ ᠬᠠᠷᠢᠯᠴᠠᠭ᠎ᠠ ᠶᠢ ᠬᠥᠭᠵᠢᠭᠦᠯᠬᠦ ᠳᠤ ᠬᠠᠨᠳᠤᠭᠰᠠᠭᠠᠷ ᠢᠷᠡᠭᠰᠡᠨ ᠶᠤᠮ᠃ ᠡᠨᠡ ᠵᠢᠯ ᠪᠣᠯ | ᠳᠤᠮᠳᠠᠳᠤ ᠺᠣᠯᠣᠮᠪᠢᠶ᠎ᠠ ᠶᠢᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯᠣᠨ᠎ᠠ᠃ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ | ᠳᠤᠷᠠᠲᠠᠶ᠎ᠠ ᠺᠣᠯᠣᠮᠪᠢᠶ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ | ᠬᠥᠭᠵᠢᠯᠲᠡ ᠲᠠᠢ ᠪᠤᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ᠃ ᠬᠤᠶᠠᠷ ᠲᠠᠯ᠎ᠠ ᠪᠠᠷ ᠢᠶᠠᠨ ᠤᠯᠤᠰ | ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠬᠠᠷᠢᠯᠴᠠᠭᠠᠨ ᠤ | ᠬᠥᠭᠵᠢᠯᠲᠡ ᠶᠢᠨ ᠴᠢᠭᠯᠡᠯ ᠢ ᠪᠠᠲᠤ ᠡᠵᠡᠮᠳᠡᠶ᠎ᠡ᠃ ᠺᠣᠯᠣᠮᠪᠢᠶ᠎ᠠ ᠶᠢᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠲᠣᠮᠣ ᠭᠡᠷ | ᠪᠦᠯᠢ ᠳᠤ ᠵᠢᠩᠬᠢᠨᠢ ᠪᠠᠷ ᠣᠷᠣᠯᠴᠠᠬᠰᠠᠨ ᠢᠶᠠᠷ ᠠᠵᠠ ᠲᠣᠭᠢᠶᠠᠯ ᠪᠤᠯᠭᠠᠵᠤ᠂ ᠬᠤᠶᠠᠷ ᠤᠯᠤᠰ ᠤᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ | ᠳᠡᠪᠰᠢᠭᠦᠯᠬᠦ ᠶᠢ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢᠨ ᠨᠡᠩ ᠤᠯᠠᠨ ᠰᠢᠯᠢᠳᠡᠭ ᠦᠢᠯᠡᠳᠬᠦᠨ ᠢ ᠣᠷᠣᠭᠤᠯᠵᠤ᠂ ᠳᠤᠮᠳᠠᠳᠤ ᠤᠯᠤᠰ ᠤᠨ | ᠠᠵᠤ ᠠᠬᠤᠶᠢᠯᠠᠯ ᠤᠨ ᠺᠣᠯᠣᠮᠪᠢᠶ᠎ᠠ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ | ᠣᠷᠤᠯᠴᠠᠬᠤ ᠶᠢ ᠲᠡᠮᠵᠢᠨ᠎ᠡ᠃ ᠬᠤᠶᠠᠷ ᠲᠠᠯ᠎ᠠ ᠪᠠᠷ ᠢᠶᠠᠨ ᠰᠠᠯᠬᠢᠨ ᠡᠨᠧᠷᠭᠢ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ | ᠣᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠪᠡᠶᠡᠯᠡᠭᠦᠯᠦᠶ᠎ᠡ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠶᠢ | ᠪᠡᠯᠭᠡᠯᠡᠬᠦ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠶᠣᠯ | ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠬᠤᠶᠠᠷ ᠤᠯᠤᠰ ᠤᠨ ᠨᠥᠬᠦᠷᠯᠡᠯ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤᠷᠠᠯᠴᠠᠭ᠎ᠠ ᠪᠣᠯ ᠬᠥᠭᠵᠢᠵᠦ ᠪᠠᠶᠢᠭ᠎ᠠ | ᠤᠯᠤᠰ ᠤᠳ ᠤᠨ ᠬᠠᠮᠲᠤᠷᠠᠯᠴᠠᠭᠠᠨ ᠤ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠪᠣᠯᠣᠨ ᠲᠡᠦᠬᠡ ᠶᠢᠨ | ᠤᠷᠤᠰᠬᠠᠯ ᠢ ᠳᠠᠭᠠᠵᠤ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ ᠤᠯᠤᠰ ᠤᠳ ᠤᠨ ᠬᠠᠮᠲᠤ ᠶᠢᠨ ᠠᠰᠢᠭ ᠲᠤᠰᠠ ᠳᠤ ᠨᠡᠶᠢᠴᠡᠵᠦ ᠪᠠᠶᠢᠨ᠎ᠠ᠃ | ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ | ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠠᠮᠵᠢᠯᠲᠠ ᠲᠠᠢ ᠬᠤᠷᠠᠯᠳᠤᠵᠤ᠂ ᠳᠡᠯᠡᠬᠡᠢ ᠳ᠋ᠠᠬᠢᠨ ᠳᠤ ᠬᠥᠭᠵᠢᠯ ᠮᠠᠨᠳᠤᠯ ᠢ ᠬᠠᠮᠲᠤ ᠪᠠᠷ ᠰᠦᠪᠡᠭᠴᠢᠯᠡᠬᠦ ᠢᠳᠡᠪᠬᠢᠲᠡᠢ | ᠳᠣᠬᠢᠶ᠎ᠠ ᠶᠢ ᠲᠠᠯᠪᠢᠵᠠᠢ᠃ ᠺᠣᠯᠣᠮᠪᠢᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ | ᠪᠣᠯᠤᠭᠰᠠᠨ ᠤ ᠬᠤᠪᠢ ᠳᠤ ᠬᠤᠷᠠᠯ ᠢ ᠠᠮᠵᠢᠯᠲᠠ ᠲᠠᠢ ᠡᠷᠭᠢᠯᠡᠭᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢ | ᠪᠠᠭᠲᠠᠭᠠᠭᠰᠠᠨ ᠯᠠᠲ᠋ᠢᠨ ᠠᠮᠧᠷᠢᠺᠠ ᠶᠢᠨ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠳᠤᠮᠳᠠᠳᠤ ᠤᠯᠤᠰ — | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃ | ᠫᠸᠲᠷᠤ᠋᠂ ᠺᠣᠯᠣᠮᠪᠢᠶ᠎ᠠ ᠪᠣᠯᠣᠨ ᠳᠤᠮᠳᠠᠳᠤ ᠤᠯᠤᠰ ᠤᠨ ᠨᠥᠭᠦᠷᠰᠡᠭ ᠬᠠᠷᠢᠯᠴᠠᠭ᠎ᠠ ᠥᠨᠢ ᠤᠳᠠᠭᠠᠨ ᠲᠡᠦᠬᠡ ᠲᠠᠢ ᠶᠤᠮ᠂ ᠺᠣᠯᠣᠮᠪᠢᠶ᠎ᠠ ᠶᠢᠨ ᠬᠢᠨ ᠳᠤᠮᠳᠠᠳᠤ | ᠤᠯᠤᠰ ᠯᠤᠭ᠎ᠠ ᠶᠢᠨ ᠬᠠᠷᠢᠯᠴᠠᠭ᠎ᠠ ᠪᠠᠨ ᠭᠦᠨᠵᠡᠭᠡᠢ ᠬᠥᠭᠵᠢᠭᠦᠯᠬᠦ ᠶᠢ ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ | ᠭᠦᠨᠵᠡᠭᠡᠶᠢᠷᠡᠭᠦᠯᠵᠦ᠂ ᠬᠠᠷᠢᠯᠴᠠᠨ ᠳᠡᠮᠵᠢᠬᠦ ᠪᠠᠨ ᠴᠢᠩᠭᠠᠳᠬᠠᠶ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ᠂ ᠠᠷᠠᠯᠵᠢᠶ᠎ᠠ᠂ ᠰᠠᠭᠤᠷᠢ | ᠲᠥᠬᠦᠭᠡᠷᠦᠮᠵᠢ᠂ ᠰᠢᠨ᠎ᠡ ᠡᠨᠧᠷᠭᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠠᠷᠠᠳ ᠤᠨ ᠠᠮᠢᠳᠤᠷᠠᠯ ᠢ | ᠰᠠᠶᠢᠵᠢᠷᠠᠭᠤᠯᠤᠶ᠎ᠠ᠃ ᠣᠳᠣᠬᠠᠨ ᠳᠤ᠂ ᠳᠡᠯᠡᠬᠡᠢ ᠶᠢᠨ ᠪᠠᠶᠢᠳᠠᠯ ᠡᠭᠡᠳᠡᠷᠡᠭᠡᠨ ᠪᠤᠳᠤᠯᠢᠶᠠᠨᠲᠠᠢ ᠬᠤᠪᠢᠰᠤᠯᠲᠠ ᠶᠡᠬᠡᠲᠡᠢ ᠪᠠᠶᠢᠵᠤ᠂ ᠣᠨᠴᠠ ᠵᠠᠷᠢᠮ ᠤᠯᠤᠰ ᠤᠨ ᠠᠰᠢᠭ ᠲᠤ | ᠰᠢᠨᠤᠬᠠᠶᠢᠷᠠᠬᠤ ᠬᠢᠳᠡᠯ ᠨᠢ ᠳᠡᠯᠡᠬᠡᠢ ᠳ᠋ᠠᠬᠢᠨ ᠳᠤ ᠠᠰᠢᠭ ᠦᠭᠡᠢ ᠪᠠᠶᠢᠵᠤ᠂ ᠡᠯ᠎ᠡ ᠤᠯᠤᠰ ᠪᠦᠯᠬᠦᠮᠳᠡᠨ ᠠᠷᠭᠠᠴᠠᠭᠠᠪᠠᠯ ᠵᠣᠬᠢᠨ᠎ᠠ᠃ ᠺᠣᠯᠣᠮᠪᠢᠶ᠎ᠠ ᠶᠢᠨ ᠬᠢᠨ ᠳᠤᠷᠠᠲᠠᠶ᠎ᠠ | ᠳᠤᠮᠳᠠᠳᠤ ᠤᠯᠤᠰ ᠲᠠᠢ ᠨᠢᠭᠲᠠ ᠬᠠᠮᠵᠢᠯᠴᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ | ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ᠃ | ᠠᠭᠤᠯᠵᠠᠯᠲᠠ ᠶᠢᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ︽ᠲᠣᠷᠭᠠᠨ ᠵᠠᠮ ᠤᠨ ᠠᠵᠤ ᠠᠬᠤᠢ ᠶᠢᠨ ᠪᠦᠰᠡ ᠪᠣᠯᠣᠨ 21 ᠳ᠋ᠦ᠋ᠭᠡᠷ ᠵᠠᠭᠤᠨ ᠤ ᠳᠠᠯᠠᠶ | ᠳᠡᠭᠡᠷᠡᠬᠢ ᠲᠣᠷᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠪᠣᠯᠣᠨ ᠪᠦᠭᠦᠳᠡ ᠨᠠᠶᠢᠷᠠᠮᠳᠠᠬᠤ ᠺᠣᠯᠣᠮᠪᠢᠶ᠎ᠠ ᠤᠯᠤᠰ ᠤᠨ ᠵᠠᠰᠠᠭ ᠤᠨ ᠣᠷᠳᠣᠨ ᠤ ᠬᠠᠮᠲᠤᠷᠠᠯᠴᠠᠭᠠᠨ ᠤ ᠲᠥᠯᠦᠪᠵᠢᠭᠦᠯᠭᠡ︾ ᠳᠤ ᠭᠠᠷ ᠤᠨ ᠦᠰᠦᠭ | ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | |