ᠠᠯᠠᠱᠠᠨ ᠤ ᠬᠤᠨᠴᠢᠨ
ᠨᠡᠶᠢᠲᠡᠯᠡᠭᠰᠡᠨ ᠴᠠᠭ᠄
2025/5/23
      ᠤᠷᠤᠭᠤᠯ ᠬᠡᠯᠪᠡᠷᠢᠲᠦ ᠴᠡᠴᠡᠭ ᠤᠨ ᠢᠵᠠᠭᠤᠷ᠂ ᠬᠤᠨᠴᠢᠨ ᠤ ᠲᠥᠷᠥᠯ᠃ ᠣᠯᠠᠨ ᠨᠠᠰᠤᠲᠤ ᠡᠪᠡᠰᠦᠯᠢᠭ ᠤᠷᠭᠤᠮᠠᠯ᠂ 6 — 8 ᠳ᠋ᠤᠭᠠᠷ ᠰᠠᠷ᠎ᠠ ᠳᠤ ᠴᠡᠴᠡᠭᠯᠡᠵᠦ ᠦᠷᠡᠯᠡᠨ᠎ᠡ᠃      ᠬᠠᠭᠤᠷᠠᠶᠢᠰᠠᠭ ᠤᠷᠭᠤᠮᠠᠯ᠃ ᠠᠷᠪᠠᠰ ᠤᠨ ᠠᠭᠤᠯᠠᠨ ᠳᠤ ᠤᠷᠭᠤᠳᠠᠭ᠃      ᠲᠤᠰ ᠲᠦᠷᠰᠦ ᠠᠯᠠᠱᠠᠨ ᠠᠭᠤᠯᠠ —  ᠤᠷᠠᠨ ᠳᠦᠰᠢ —  ᠬᠤᠶᠠᠷ ᠪᠣᠭᠳᠠ ᠠᠭᠤᠯᠠ ᠳᠤ ᠪᠠᠶᠢᠳᠠᠭ᠃ ᠪᠠᠶᠢᠭᠠᠯᠢ ᠶᠢᠨ ᠣᠷᠴᠢᠨ ᠲᠣᠭᠤᠷᠢᠨ ᠤ ᠬᠢᠵᠠᠭᠠᠷᠯᠠᠯ ᠠᠴᠠ ᠪᠣᠯᠵᠦ ᠲᠤᠰ ᠤᠷᠭᠤᠮᠠᠯ ᠤᠨ ᠲᠠᠷᠬᠠᠯᠲᠠ ᠶᠢᠨ ᠬᠡᠪᠴᠢᠶ᠎ᠡ ᠨᠢ ᠪᠠᠭ᠎ᠠ᠂ ᠬᠡᠰᠡᠭ ᠪᠤᠰᠠᠭ ᠲᠠᠷᠬᠠᠵᠤ᠂ ᠲᠤᠭ᠎ᠠ ᠨᠢ ᠨᠡᠯᠢᠶᠡᠳ ᠴᠥᠭᠡᠨ ᠪᠠᠶᠢᠳᠠᠭ᠃ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠲᠥᠷᠥᠯ ᠤᠨ ᠬᠠᠮᠠᠭᠠᠯᠠᠯᠲᠠ ᠶᠢᠨ ᠤᠷᠭᠤᠮᠠᠯ ᠢᠶᠠᠷ ᠲᠣᠭᠲᠠᠭᠠᠵᠠᠢ᠃ ᠦᠨᠳᠦᠰᠦ ᠶᠢ ᠨᠢ ᠬᠤᠨᠴᠢᠷ ᠪᠣᠯᠭᠠᠵᠤ ᠡᠮ ᠳᠤ ᠣᠷᠣᠭᠤᠯᠵᠤ ᠪᠣᠯᠣᠨ᠎ᠠ᠃      ᠦᠨᠳᠦᠰᠦ ᠨᠢ ᠡᠮ ᠳᠤ ᠣᠷᠣᠨ᠎ᠠ᠃ ᠦᠨᠡᠲᠦ ᠬᠢᠲᠠᠳ ᠡᠮ ᠪᠣᠯᠣᠨ᠎ᠠ᠃                        ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ