ᠭᠤᠤ ᠬᠤᠸᠠᠢ ᠵᠢᠩ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/9
      5 ᠳ᠋ᠤᠭᠠᠷ ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠤ ᠬᠤᠸᠠᠢ ᠵᠢᠩ ᠤᠯᠠᠭᠠᠨᠪᠠᠯᠭᠠᠰᠤᠨ ᠳᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃
W020250507614324410496.jpg
      ᠭᠤᠤ ᠬᠤᠸᠠᠢ ᠵᠢᠩ ᠬᠤᠰᠢᠭᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠬᠦᠷᠴᠦ᠂ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ ᠪᠥᠬᠦ ᠬᠤᠰᠢᠭᠤᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠳᠠᠭᠠᠳᠬᠠᠯ ᠢ ᠮᠡᠬᠡᠯᠡᠨ ᠠᠪᠬᠤ ᠵᠡᠷᠭᠡ ᠣᠯᠠᠨ ᠲᠦᠮᠡᠨ ᠤ ᠲᠤᠰᠬᠠᠯ ᠶᠡᠭᠡ ᠠᠰᠠᠭᠤᠳᠠᠯ ᠳᠤ ᠴᠢᠩᠭ᠎ᠠ ᠴᠣᠬᠢᠯᠲᠠ ᠥᠭᠴᠦ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠲᠣᠮᠣ ᠳ᠋ᠠᠶᠢᠲ᠋ᠠ ᠶᠢᠨ ᠵᠠᠳᠠᠯᠤᠯᠲᠠ ᠬᠢᠭᠡᠳ ᠣᠶᠤᠨᠴᠢ ᠤᠷᠢᠳᠴᠢᠯᠠᠨ ᠰᠡᠷᠡᠮᠵᠢᠯᠡᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠤᠨ᠂ ᠣᠶᠤᠨᠴᠢᠯᠠᠭᠰᠠᠨ ᠠᠷᠭ᠎ᠠ ᠪᠠᠷᠢᠯ ᠢᠶᠠᠷ ᠬᠢᠨᠠᠯᠲᠠ ᠬᠠᠮᠢᠶᠠᠷᠤᠯᠲᠠ ᠶᠢᠨ ᠴᠠᠭ ᠬᠤᠭᠤᠴᠠᠭᠠᠲᠤ ᠴᠢᠨᠠᠷ ᠢ ᠳᠡᠭᠡᠭᠰᠢᠯᠡᠭᠦᠯᠵᠦ᠂ ᠤᠯᠠᠨ ᠲᠦᠮᠡᠨ ᠳᠤ ᠳᠥᠭᠦᠮ ᠳᠥᠲᠡ ᠥᠨᠳᠥᠷ ᠪᠦᠲᠦᠮᠵᠢᠲᠡᠢ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢ ᠬᠠᠩᠭᠠᠬᠤ ᠬᠡᠷᠡᠭᠲᠡᠢ ᠭᠡᠪᠡ᠃      ᠭᠤᠤ ᠬᠤᠸᠠᠢ ᠵᠢᠩ ᠤᠯᠠᠭᠠᠨᠪᠠᠯᠭᠠᠰᠤᠨ ᠤ ᠳᠤᠮᠳᠠᠳᠤ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠣᠯᠣᠨ ᠬᠤᠭᠤᠯᠠ ᠤᠮᠳᠠ ᠶᠢᠨ ᠵᠠᠷᠤᠳᠠᠯ ᠤᠨ ᠬᠠᠮᠢᠶᠠᠷᠤᠯᠲᠠ᠂ ᠰᠤᠷᠭᠠᠭᠤᠯᠢ ᠶᠢᠨ ᠵᠠᠬᠢᠷᠤᠯ ᠤᠨ ᠪᠠᠷᠠᠳᠠᠨ ᠬᠤᠭᠤᠯᠠᠯᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ ᠬᠡᠯᠡᠬᠦ ᠳᠡᠭᠡᠨ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠵᠦ᠂ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠨ᠂ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠶᠢ ᠦᠨᠡᠨᠬᠦ ᠰᠠᠨᠠᠭ᠎ᠠ ᠠᠮᠤᠷ ᠬᠤᠭᠤᠯᠠ ᠪᠣᠯᠭᠠᠬᠤ ᠬᠡᠷᠡᠭᠲᠡᠢ᠃ ᠴᠢᠩᠭ᠎ᠠ ᠨᠢᠮᠪᠠᠢ ᠬᠢᠨᠠᠯᠲᠠ ᠲᠠᠯᠪᠢᠵᠤ ᠦᠨᠡᠯᠡᠬᠦ ᠲᠣᠭᠲᠠᠯᠴᠠᠭ᠎ᠠ ᠶᠢ ᠪᠠᠶᠢᠭᠤᠯᠵᠤ᠂ ᠰᠣᠷᠣᠭᠴᠢ᠂ ᠭᠡᠷ ᠤᠨ ᠠᠬᠠᠮᠠᠳ᠂ ᠪᠠᠭᠰᠢ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠬᠢᠨᠠᠯᠲᠠ ᠲᠠᠯᠪᠢᠵᠤ ᠦᠨᠡᠯᠡᠬᠦ ᠪᠢᠲᠡᠭᠦᠦ ᠴᠠᠭᠠᠷᠢᠭ ᠢ ᠪᠦᠷᠢᠯᠳᠦᠭᠦᠯᠵᠦ᠂ ᠰᠤᠷᠭᠠᠭᠤᠯᠢ ᠶᠢᠨ ᠬᠦᠷᠢᠶᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠤᠭᠤᠯᠠ ᠤᠮᠳᠠ ᠶᠢᠨ ᠢᠯᠵᠢᠷᠡᠯ ᠤᠨ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠢ ᠭᠡᠪᠡ᠃      ᠭᠤᠤ ᠬᠤᠸᠠᠢ ᠵᠢᠩ ᠤᠯᠠᠭᠠᠨᠪᠠᠯᠭᠠᠰᠤᠨ ᠤ ᠮᠠᠯ ᠠᠵᠤ ᠠᠬᠤᠢ ᠶᠢᠨ ᠣᠳᠣᠬᠢᠴᠢᠯᠠᠭᠰᠠᠨ ᠮᠠᠰᠢᠨ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠳᠡᠯᠭᠡᠷᠡᠭᠦᠯᠬᠦ ᠪᠠᠲᠤᠯᠠᠭ᠎ᠠ ᠶᠢᠨ ᠲᠥᠪ ᠲᠤ ᠬᠦᠷᠴᠦ᠂ ᠲᠤᠨᠤᠭ ᠲᠥᠬᠦᠭᠡᠷᠦᠮᠵᠢ ᠦᠢᠯᠡᠳᠪᠦᠷᠢᠯᠡᠬᠦ ᠲᠠᠰᠤᠭ᠂ ᠦᠢᠯᠡᠳᠬᠦᠨ ᠤ ᠦᠵᠡᠭᠦᠯᠭᠡ ᠶᠢᠨ ᠲᠣᠭᠤᠷᠢᠭ ᠢ ᠪᠠᠶᠢᠴᠠᠭᠠᠵᠤ ᠦᠵᠡᠨ᠂ ᠠᠵᠤ ᠠᠬᠤᠶᠢᠯᠠᠯ ᠤᠨ ᠡᠷᠭᠢᠯᠲᠡ ᠪᠣᠯᠣᠨ ᠲᠤᠰᠬᠠᠢ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠪᠠᠶᠢᠳᠠᠯ ᠢ ᠨᠠᠷᠢᠨ ᠠᠰᠠᠭᠤᠪᠠ᠃ ᠲᠡᠷᠡ ᠬᠡᠯᠡᠬᠦ ᠳᠡᠭᠡᠨ᠂ ᠲᠦᠷᠦᠯ ᠵᠦᠢᠯ ᠤᠨ ᠪᠡᠯᠡ ᠮᠥᠩᠭᠦ ᠶᠢ ᠬᠡᠷᠡᠭᠯᠡᠬᠦ ᠲᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠤᠨ᠂ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ᠂ ᠦᠯᠡᠳᠡᠭᠡᠨ ᠠᠪᠴᠤ ᠨᠡᠭᠦᠯᠭᠡᠨ ᠬᠡᠷᠡᠭᠯᠡᠬᠦ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠬᠤ ᠵᠡᠷᠭᠡ ᠠᠰᠠᠭᠤᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠪᠡᠯᠡ ᠮᠥᠩᠭᠦ ᠶᠢᠨ ᠥᠨᠳᠥᠷ ᠪᠦᠲᠦᠮᠵᠢᠲᠡᠢ ᠠᠰᠢᠭᠯᠠᠯᠲᠠ ᠶᠢ ᠦᠨᠡᠨᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠰᠤᠮᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠢᠯᠢᠳᠡᠭ ᠣᠷᠴᠢᠨ ᠢ ᠪᠦᠷᠢᠯᠳᠦᠭᠦᠯᠬᠦ ᠬᠡᠷᠡᠭᠲᠡᠢ᠃ ᠡᠭᠦᠨ ᠤ ᠬᠠᠮᠲᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠭᠤᠭᠴᠤᠭ᠎ᠠ ᠶᠢᠨ ᠳᠠᠯᠳᠠ ᠭᠡᠮ ᠤᠨ ᠪᠠᠶᠢᠴᠠᠭᠠᠯᠲᠠ ᠶᠢ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᡁᠢ ᠵᠢᠶᠦ᠋ᠨ ᠣᠷᠣᠯᠴᠠᠪᠠ᠃ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ